• WWW.ALSMGY.COM
  •  
  •  
  •  
  •  
  •   
  •  
  •  
  •  
  •  
  •  
  •  
  •  
  •  
    2020-12-28 10:10:50
       —      —    
    ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠬᠤ ᠳᠠᠭᠠᠨ ᠤᠯᠤᠰ ᠳᠦᠷᠦ ᠶᠢᠨ ᠪᠠᠶᠢᠭᠤᠯᠤᠯᠳᠠ ᠶᠢ ᠴᠢᠩᠭᠠᠳᠬᠠᠵᠥ ᠤᠯᠤᠰ ᠳᠦᠷᠦ ᠶᠢᠨ ᠴᠢᠳᠠᠪᠤᠷᠢ ᠶᠢ ᠳᠡᠬᠡᠭᠰᠢᠯᠡᠬᠦᠯᠤᠨ ᠠᠷᠠᠳᠴᠢ ᠰᠡᠳᠬᠢᠯᠬᠡ ᠶᠢ ᠪᠠᠳᠤ ᠡᠪᠤᠷᠯᠡᠵᠤ ᠤᠯᠤᠰ ᠳᠦᠷᠦ ᠶᠢᠨ ᠮᠠᠭᠠᠳᠯᠠᠬᠤ ᠴᠢᠳᠠᠪᠤᠷᠢ ᠤᠯᠤᠰ ᠳᠦᠷᠦ ᠶᠢᠨ ᠤᠬᠠᠪᠤᠷᠢᠯᠠᠬᠤ ᠴᠢᠳᠠᠪᠤᠷᠢ ᠤᠯᠤᠰ ᠳᠦᠷᠦ ᠶᠢᠨ ᠬᠦᠢᠴᠡᠳᠬᠡᠬᠦ ᠴᠢᠳᠠᠪᠤᠷᠢ ᠪᠠᠨ ᠳᠠᠰᠤᠷᠠᠯᠳᠠ ᠦᠬᠡᠢ ᠳᠡᠬᠡᠭᠰᠢᠯᠡᠬᠦᠯᠬᠦ ᠬᠡᠷᠡᠭᠳᠡᠢ ᠭᠡᠵᠦ ᠴᠢᠬᠤᠯᠠᠴᠢᠯᠠᠪᠠ


          ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠳᠠᠯᠪᠢᠪᠠ

    QQ图片20201226170159.png

           12 ᠰᠠᠷ᠎ᠠ ᠶᠢᠨ 24᠎ ᠠᠴᠠ 25᠎ ᠤ ᠡᠳᠤᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠳᠠᠯᠪᠢᠵᠠᠢ᠃

            ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ

    QQ图片20201226170214.png

           12 ᠰᠠᠷ᠎ᠠ ᠶᠢᠨ 24᠎ ᠠᠴᠠ 25᠎ ᠤ ᠡᠳᠤᠷ ᠪᠤᠯᠳᠠᠯ᠎ᠠ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠂ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠳᠠᠯᠪᠢᠵᠠᠢ᠃

           ᠰᠢᠨᠬᠤᠸᠠ ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠬᠦᠳᠡᠷᠯᠡᠪᠡ


          ᠰᠢᠨᠬᠤᠸᠠ ᠬᠤᠷᠢᠶᠠᠨ ᠤ ᠪᠡᠬᠡᠵᠢᠩ ᠤᠨ 12 ᠰᠠᠷ᠎ᠠ ᠶᠢᠨ 25᠎ ᠤ ᠴᠠᠬᠢᠯᠭᠠᠨ ᠮᠠᠳᠡᠭᠡ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ 12 ᠰᠠᠷ᠎ᠠ ᠶᠢᠨ 24᠎ ᠠᠴᠠ 25᠎ ᠤ ᠡᠳᠤᠷ ᠪᠤᠯᠳᠠᠯ᠎ᠠ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠥ᠂ ᠤᠯᠤᠰ ᠳᠦᠷᠦ ᠶᠢᠨ ᠪᠠᠶᠢᠭᠤᠯᠤᠯᠳᠠ ᠶᠢ ᠴᠢᠩᠭᠠᠳᠬᠠᠵᠥ᠂ ᠤᠯᠤᠰ ᠳᠦᠷᠦ ᠶᠢᠨ ᠴᠢᠳᠠᠪᠤᠷᠢ ᠶᠢ ᠳᠡᠬᠡᠭᠰᠢᠯᠡᠬᠦᠯᠤᠨ᠂ ᠠᠷᠠᠳᠴᠢ ᠰᠡᠳᠬᠢᠯᠬᠡ ᠶᠢ ᠪᠠᠳᠤ ᠡᠪᠤᠷᠯᠡᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ᠂ ᠨᠢᠬᠡᠳᠦᠬᠡᠷ ᠵᠠᠭᠤᠨ ᠵᠢᠯ ᠤᠨ ᠳᠡᠮᠡᠴᠡᠬᠦ ᠬᠠᠷᠠᠯᠳᠠ ᠶᠢ ᠪᠡᠶᠡᠯᠡᠬᠦᠯᠬᠦ ᠠᠭᠤᠤ ᠶᠡᠭᠡ ᠢᠯᠠᠯᠳᠠ ᠶᠢ ᠳᠡᠮᠡᠴᠡᠨ ᠤᠯᠵᠥ᠂ ᠨᠡᠶᠢᠬᠡᠮ ᠵᠢᠷᠤᠮᠳᠤ ᠤᠳᠤᠬᠢᠴᠢᠯᠠᠬᠰᠠᠨ ᠤᠯᠤᠰ ᠢ ᠪᠦᠬᠦ ᠳᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠨ ᠢᠶᠠᠨ ᠡᠬᠢᠯᠡᠬᠦᠯᠬᠦ ᠪᠠᠷ ᠭᠤᠤᠯ ᠰᠡᠳᠦᠪ ᠪᠤᠯᠭᠠᠭᠰᠠᠨ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠨᠦᠬᠦᠳ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠠᠵᠢᠯ ᠲᠠᠢ ᠤᠶᠠᠯᠳᠤᠭᠤᠯᠤᠨ᠂ ᠬᠤᠪᠢ ᠬᠦᠮᠦᠨ ᠤ ᠦᠵᠡᠯ ᠰᠠᠨᠠᠭ᠎ᠠ ᠪᠤᠯᠤᠨ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠨᠠᠮ ᠤᠨ ᠳᠦᠪ ᠬᠤᠷᠢᠶᠠᠨ ᠤ ᠳᠦᠪᠯᠡᠷᠡᠩᠬᠦᠢ ᠨᠢᠬᠡᠳᠦᠯᠳᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠳᠤᠬᠠᠢ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠳᠤᠬᠳᠠᠭᠠᠯ ᠤᠳ ᠢ ᠲᠦᠷᠦᠭᠦᠯᠡᠨ ᠴᠢᠩᠭ᠎ᠠ ᠬᠡᠷᠡᠭᠵᠢᠬᠦᠯᠬᠦ ᠲᠠᠢ ᠤᠶᠠᠯᠳᠤᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠤᠬᠤᠯᠠᠪᠤᠷᠢ ᠪᠤᠯᠤᠨ ᠨᠠᠮ ᠤᠨ ᠳᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠦᠷᠦᠭᠦᠯᠡᠨ ᠳᠤᠭᠤᠰᠢᠯᠠᠭᠤᠯᠤᠨ ᠨᠠᠶᠢᠳᠠᠪᠤᠷᠢᠵᠢᠭᠤᠯᠤᠬᠰᠠᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠳᠦᠪ ᠤᠨ ᠨᠠᠢᠮᠠᠨ ᠳᠤᠬᠳᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠪᠤᠯᠤᠨ ᠬᠡᠯᠪᠡᠷᠢᠴᠢ ᠦᠵᠡᠯ ᠤᠨ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠵᠤ ᠦᠨᠳᠦᠰᠦᠨ ᠱᠠᠳᠤᠨ ᠤ ᠳᠠᠷᠤᠭᠠᠰᠤ ᠶᠢ ᠬᠦᠩᠬᠡᠷᠡᠬᠦᠯᠬᠦ ᠶᠢ ᠲᠦᠷᠦᠭᠦᠯᠡᠨ ᠴᠢᠩᠭ᠎ᠠ ᠬᠡᠷᠡᠭᠵᠢᠬᠦᠯᠦᠭᠰᠡᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠬᠤᠪᠢ ᠬᠦᠮᠦᠨ ᠤ ᠪᠠᠶᠢᠴᠠᠭᠠᠯᠳᠠ ᠪᠠ ᠨᠠᠮᠴᠢ ᠴᠢᠨᠠᠷ ᠤᠨ ᠵᠠᠳᠠᠯᠤᠯᠳᠠ ᠬᠢᠵᠥ᠂ ᠰᠢᠬᠦᠮᠵᠢᠯᠡᠯ ᠪᠠ ᠦᠪᠡᠷ ᠤᠨ ᠰᠢᠬᠦᠮᠵᠢᠯᠡᠯ ᠬᠢᠵᠠᠢ᠃

           ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠦᠬᠡᠳ ᠴᠢᠬᠤᠯᠠ ᠶᠠᠷᠢᠶ᠎ᠠ ᠳᠠᠯᠪᠢᠪᠠ᠃

           ᠬᠤᠷᠠᠯ ᠠᠴᠠ ᠡᠮᠤᠨ᠎ᠡ ᠬᠠᠮᠢᠶ᠎ᠠ ᠪᠦᠬᠦᠢ ᠳᠠᠯ᠎ᠠ ᠶᠢᠨ ᠬᠢᠨ ᠪᠡᠯᠡᠳᠬᠡᠯ ᠬᠢᠵᠠᠢ᠃ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠨᠦᠬᠦᠳ ᠬᠠᠮᠢᠶ᠎ᠠ ᠪᠦᠬᠦᠢ ᠬᠠᠷᠢᠭᠤᠴᠠᠯᠭᠠᠳᠠᠳ ᠲᠠᠢ ᠪᠤᠳᠤᠯ ᠰᠡᠳᠬᠢᠯ ᠢᠶᠠᠨ ᠶᠠᠷᠢᠯᠴᠠᠵᠥ᠂ ᠭᠤᠤᠯ ᠰᠡᠳᠦᠪ ᠤᠨ ᠳᠤᠭᠤᠷᠢᠨ ᠳᠤ ᠵᠢᠭᠰᠠᠭᠠᠨ ᠪᠠᠶᠢᠴᠠᠭᠠᠵᠤ᠂ ᠶᠠᠷᠢᠶᠠᠨ ᠤ ᠮᠠᠲ᠋ᠧᠷᠢᠶᠠᠯ ᠢᠶᠠᠨ ᠳᠤᠭᠤᠷᠪᠢᠭᠰᠠᠨ ᠪᠠᠶᠢᠨ᠎ᠠ᠃ ᠬᠤᠷᠠᠯ ᠠᠴᠠ 2020 ᠤᠨ ᠤ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠳᠦᠪ ᠤᠨ ᠨᠠᠢᠮᠠᠨ ᠳᠤᠬᠳᠠᠭᠠᠯ ᠢ ᠳᠤᠭᠤᠰᠢᠯᠠᠭᠤᠯᠤᠨ ᠬᠡᠷᠡᠭᠵᠢᠬᠦᠯᠦᠭᠰᠡᠨ ᠪᠠᠶᠢᠳᠠᠯ ᠤᠨ ᠳᠤᠬᠠᠢ ᠮᠡᠳᠡᠬᠦᠯᠦᠯᠳᠡ ᠪᠤᠯᠤᠨ ᠬᠡᠯᠪᠡᠷᠢᠴᠢ ᠦᠵᠡᠯ ᠤᠨ ᠠᠰᠠᠭᠤᠳᠠᠯ ᠢ ᠦᠷᠬᠦᠯᠵᠢᠯᠡᠨ ᠰᠢᠢᠳᠪᠦᠷᠢᠯᠡᠵᠥ ᠦᠨᠳᠦᠰᠦᠨ ᠱᠠᠳᠤᠨ ᠤ ᠳᠠᠷᠤᠭᠠᠰᠤ ᠶᠢ ᠬᠦᠩᠬᠡᠷᠡᠬᠦᠯᠬᠦ ᠶᠢ ᠬᠦᠨᠵᠡᠬᠡᠶᠢᠷᠡᠬᠦᠯᠦᠨ ᠦᠷᠬᠡᠳᠬᠡᠬᠦ ᠠᠵᠢᠯ ᠤᠨ ᠪᠠᠶᠢᠳᠠᠯ ᠤᠨ ᠳᠤᠬᠠᠢ ᠮᠡᠳᠡᠬᠦᠯᠦᠯᠳᠡ᠎ ᠶᠢ ᠬᠢᠨᠠᠨ ᠵᠦᠪᠯᠡᠪᠡ᠃ ᠳᠠᠷᠠᠭ᠎ᠠ ᠨᠢ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠨᠦᠬᠦᠳ ᠳᠤᠰ ᠳᠤᠰ ᠦᠬᠡ ᠬᠡᠯᠡᠵᠥ᠂ ᠱᠠᠭᠠᠷᠳᠠᠯᠭ᠎ᠠ ᠶᠤᠰᠤᠭᠠᠷ ᠬᠠᠷᠭᠤᠭᠤᠯᠤᠨ ᠪᠠᠶᠢᠴᠠᠭᠠᠯᠳᠠ ᠬᠢᠵᠠᠢ᠃

          ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶᠠᠨ ᠤ ᠨᠦᠬᠦᠳ ᠤᠨ ᠬᠡᠯᠡᠭᠰᠡᠨ ᠦᠭᠡ ᠨᠦᠭᠦᠳ 5 ᠭᠤᠤᠯᠳᠠᠯᠭ᠎ᠠ ᠶᠢ ᠡᠵᠡᠮᠳᠡᠵᠦ ᠢᠯᠡᠷᠡᠭᠦᠯᠪᠠ᠃ ᠨᠢᠬᠡ ᠳᠤ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠲᠦᠷᠦᠭᠦᠯᠡᠨ ᠰᠤᠷᠤᠯᠴᠠᠨ ᠳᠤᠭᠤᠰᠢᠯᠠᠭᠤᠯᠵᠤ᠂ ᠵᠦᠪ ᠤᠨᠤᠪᠴᠢᠳᠠᠢ ᠤᠯᠤᠰ ᠳᠦᠷᠦ ᠶᠢᠨ ᠴᠢᠭᠯᠡᠯ ᠢ ᠪᠠᠷᠢᠮᠳᠠᠯᠠᠨ᠂ ᠤᠯᠤᠰ ᠳᠦᠷᠦ ᠶᠢᠨ ᠴᠢᠳᠠᠪᠤᠷᠢ ᠪᠠᠨ ᠳᠡᠬᠡᠭᠰᠢᠯᠡᠬᠦᠯᠵᠤ᠂ ᠳᠦᠷᠪᠡᠨ ᠤᠬᠠᠮᠰᠠᠷ᠎ ᠢᠶᠠᠨ ᠴᠢᠩᠭᠠᠳᠬᠠᠨ ᠳᠦᠷᠪᠡᠨ ᠢᠳᠡᠬᠡᠯ᠎ ᠢᠶᠠᠨ ᠪᠠᠳᠤᠳᠬᠠᠵᠤ ᠬᠤᠶᠠᠷ ᠢ ᠬᠠᠮᠠᠭᠠᠯᠠᠬᠤ᠎ ᠶᠢ ᠪᠡᠶᠡᠯᠡᠬᠦᠯᠪᠡ᠃ ᠬᠤᠶᠠᠷ ᠲᠤ᠂ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠲᠦᠷᠦᠭᠦᠯᠡᠨ ᠪᠠᠷᠢᠮᠳᠠᠯᠠᠨ ᠴᠢᠩᠭᠠᠳᠬᠠᠵᠥ᠂ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠳᠦᠷᠦ ᠶᠢᠨ ᠴᠢᠳᠠᠮᠵᠢ ᠶᠢ ᠬᠦᠢᠴᠡᠳ ᠪᠠᠳᠠᠷᠠᠭᠤᠯᠤᠨ᠂ ᠠᠷᠠᠳ ᠤᠯᠠᠨ ᠢ ᠪᠦᠯᠬᠦᠮᠳᠡᠬᠦᠯᠦᠨ ᠳᠠᠭᠠᠭᠤᠯᠵᠤ ᠨᠠᠮ ᠤᠨ ᠳᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠡᠷᠡ ᠶᠤᠰᠤᠭᠠᠷ ᠨᠢ ᠳᠤᠭᠤᠰᠢᠯᠠᠭᠤᠯᠤᠨ ᠨᠡᠶᠢᠳᠠᠪᠤᠷᠢᠵᠢᠭᠤᠯᠪᠠ᠃ ᠭᠤᠷᠪᠠ ᠳᠤ᠂ ᠲᠦᠷᠦᠭᠦᠯᠡᠨ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠬᠡᠨ ᠡᠭᠦᠷᠭᠡ ᠡᠬᠦᠷᠬᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠳᠤᠪᠤᠶᠢᠮ᠎ᠠ ᠵᠦᠷᠢᠴᠡᠯ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠵᠥ᠂ ᠠᠶᠤᠯ ᠳᠦᠭᠰᠢᠬᠦᠷᠢ ᠦᠷᠢᠰᠦᠯᠳᠦᠬᠡᠨ ᠢ ᠰᠡᠷᠬᠡᠶᠢᠯᠡᠨ ᠠᠷᠢᠯᠭᠠᠵᠥ᠂ ᠵᠢᠷᠭᠤᠭ᠎ᠠ ᠶᠢ ᠳᠤᠬᠳᠠᠪᠤᠷᠢᠵᠢᠭᠤᠯᠬᠤ ᠠᠵᠢᠯ ᠢ ᠨᠢᠬᠡᠳᠦᠯᠳᠡᠢ ᠳᠦᠯᠦᠪᠵᠢᠬᠦᠯᠦᠨ ᠰᠠᠶᠢᠳᠤᠷ ᠬᠢᠵᠥ ᠵᠢᠷᠭᠤᠭ᠎ᠠ ᠶᠢ ᠪᠠᠳᠤᠯᠠᠬᠤ ᠡᠬᠦᠷᠬᠡ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠵᠡᠷᠬᠡ ᠠᠵᠢᠯ ᠢ ᠪᠦᠬᠦ ᠬᠦᠴᠦᠨ ᠢᠶᠠᠷ ᠰᠠᠶᠢᠳᠤᠷ ᠠᠳᠬᠤᠪᠠ᠃ ᠳᠦᠷᠪᠡ ᠳᠤ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠳᠦᠪ ᠬᠤᠷᠢᠶᠠᠨ ᠤ ᠳᠠᠪᠤᠳᠤᠭᠠᠷ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠲᠦᠷᠦᠭᠦᠯᠡᠨ ᠰᠤᠷᠤᠯᠴᠠᠨ ᠳᠤᠭᠤᠰᠢᠯᠠᠭᠤᠯᠵᠥ᠂ ᠨᠠᠮ ᠤᠨ ᠳᠦᠪ ᠬᠤᠷᠢᠶᠠᠨ ᠤ ᠳᠤᠷᠠᠳᠤᠭᠰᠠᠨ ᠠᠷᠪᠠᠨ ᠳᠦᠷᠪᠡᠳᠤᠬᠡᠷ ᠳᠠᠪᠤᠨ ᠵᠢᠯ᠎ ᠤᠨ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯᠤᠨ 2035 ᠤᠨ ᠤ ᠠᠯᠤᠰ ᠤᠨ ᠬᠠᠷᠠᠯᠳᠠ ᠲᠠᠢ ᠬᠠᠷᠭᠤᠭᠤᠯᠤᠨ ᠰᠢᠨᠵᠢᠯᠡᠬᠦ ᠤᠬᠠᠭᠠᠨᠴᠢ ᠪᠠᠷ ᠳᠦᠯᠦᠪᠵᠢᠬᠦᠯᠬᠦ ᠪᠠᠨ ᠴᠢᠩᠭᠠᠳᠬᠠᠵᠥ᠂ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠪᠠ᠃ ᠳᠠᠪᠤ ᠳᠤ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠥ᠂ ᠤᠯᠤᠰ ᠳᠦᠷᠦ ᠶᠢᠨ ᠰᠠᠬᠢᠯᠭ᠎ᠠ ᠪᠠᠳᠤ ᠪᠤᠯᠤᠨ ᠤᠯᠤᠰ ᠳᠦᠷᠦ ᠶᠢᠨ ᠶᠤᠰᠤ ᠳᠦᠷᠢᠮ ᠢ ᠪᠠᠳᠤ ᠰᠠᠬᠢᠨ᠂ ᠳᠦᠷᠢᠮ ᠳᠤᠭᠳᠠᠭᠠᠯ ᠢ ᠵᠦᠷᠢᠴᠡᠵᠥ ᠰᠠᠬᠢᠯᠭ᠎ᠠ ᠪᠠᠳᠤ ᠶᠢ ᠵᠦᠷᠢᠴᠡᠭᠰᠡᠨ ᠦᠭᠡ ᠶᠡᠷᠢᠶ᠎ᠠ ᠦᠢᠯᠡ ᠠᠵᠢᠯᠯᠠᠭ᠎ᠠ ᠶᠢ ᠳᠤᠬ ᠳᠡᠮᠳᠡᠭ ᠳᠤᠳᠤᠷᠬᠠᠢ ᠪᠠᠷ ᠰᠢᠬᠦᠮᠵᠢᠯᠡᠭᠰᠡᠨ ᠪᠠ ᠵᠠᠯᠠᠷᠠᠭᠤᠯᠵᠥ᠂ ᠳᠦᠪ ᠤᠨ ᠨᠠᠢᠮᠠᠨ ᠳᠤᠭᠳᠠᠭᠠᠯ ᠵᠢᠴᠢ ᠳᠡᠬᠦᠨ ᠤ ᠬᠡᠷᠡᠭᠵᠢᠭᠦᠯᠬᠦ ᠨᠠᠷᠢᠨ ᠳᠦᠷᠢᠮ ᠢ ᠴᠦᠬᠦᠷᠡᠰᠢ ᠦᠬᠡᠢ ᠨᠠᠶᠢᠳᠠᠪᠤᠷᠢᠵᠢᠭᠤᠯᠤᠨ᠂ ᠬᠡᠯᠪᠡᠷᠢᠴᠢ ᠦᠵᠡᠯ ᠨᠤᠶᠠᠨᠴᠢ ᠰᠤᠷᠳᠠᠯ ᠢ ᠡᠷᠡᠰ ᠡᠰᠡᠷᠬᠦᠴᠡᠪᠡ᠃

           ᠬᠤᠷᠠᠯ ᠠᠴᠠ᠂ ᠡᠨᠡ ᠵᠢᠯ ᠠᠴᠠ ᠨᠠᠭᠠᠰᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠳᠦᠮᠡᠨ ᠢ ᠪᠦᠯᠬᠦᠮᠳᠡᠬᠦᠯᠦᠨ ᠳᠠᠭᠠᠭᠤᠯᠵᠤ᠂ ᠯᠠᠪᠳᠠᠭᠤᠨ ᠬᠢᠨᠠᠭᠤᠷ ᠠᠷᠭᠠᠴᠠᠭᠠᠨ᠂ ᠬᠦᠴᠢᠷ ᠢ ᠰᠦᠷᠦᠨ ᠤᠷᠤᠬᠰᠢᠯᠠᠵᠥ᠂ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠪᠠ ᠠᠵᠥ ᠠᠬᠤᠢ ᠨᠡᠶᠢᠬᠡᠮ ᠤᠨ ᠬᠦᠭᠵᠢᠯᠳᠡ ᠶᠢᠨ ᠠᠵᠢᠯ ᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠥ᠂ ᠦᠬᠡᠷᠡᠴᠢᠯᠡᠯᠳᠡ ᠨᠡᠬᠡᠬᠡᠯᠳᠡ ᠶᠢ ᠬᠦᠨᠵᠡᠬᠡᠶᠢᠷᠡᠬᠦᠯᠬᠦ ᠪᠠ ᠭᠠᠳᠠᠨᠠᠬᠢ ᠳᠠᠷᠤᠯᠳᠠ ᠶᠢ ᠠᠷᠭᠠᠴᠠᠭᠠᠬᠤ ᠶᠢ ᠨᠢᠬᠡᠳᠦᠯᠳᠡᠢ ᠳᠦᠯᠦᠪᠵᠢᠬᠦᠯᠤᠨ᠂ ᠵᠢᠷᠭᠤᠭ᠎ᠠ ᠶᠢ ᠳᠤᠬᠳᠠᠪᠤᠷᠢᠵᠢᠭᠤᠯᠬᠤ ᠠᠵᠢᠯ ᠢ ᠰᠠᠶᠢᠳᠤᠷ ᠠᠳᠬᠤᠬᠤ ᠪᠠ ᠵᠢᠷᠭᠤᠭ᠎ᠠ ᠶᠢ ᠪᠠᠳᠤᠯᠠᠬᠤ ᠡᠬᠦᠷᠬᠡ ᠶᠢ ᠨᠠᠶᠢᠳᠠᠪᠤᠷᠢᠵᠢᠭᠤᠯᠬᠤ ᠶᠢ ᠨᠢᠬᠡᠳᠦᠯᠳᠡᠢ ᠳᠦᠯᠦᠪᠵᠢᠬᠦᠯᠵᠥ᠂ ᠴᠢᠨᠡᠬᠡᠯᠢᠭ ᠨᠡᠶᠢᠬᠡᠮ ᠢ ᠪᠦᠬᠦ ᠳᠠᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠰᠢᠢᠳᠪᠤᠷᠢᠳᠤ ᠳᠠᠶᠢᠯᠠᠯᠳᠤᠭᠠᠨ ᠬᠢᠪᠡ᠃ ᠰᠢᠷᠭᠠᠭᠤ ᠬᠠᠳᠠᠭᠤᠵᠢᠯᠳᠠᠢ ᠴᠢᠷᠮᠠᠶᠢᠯᠭ᠎ᠠ ᠪᠠᠷ ᠳᠠᠮᠵᠢᠨ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠲᠠᠯ᠎ᠠ ᠪᠠᠷ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠷ᠎ᠡ ᠪᠦᠳᠦᠬᠡᠯ ᠤᠯᠵᠥ᠂ ᠠᠵᠥ ᠠᠬᠤᠢ ᠶᠢᠨ ᠨᠡᠮᠡᠭᠳᠡᠯ ᠡᠩ ᠲᠡᠷᠢᠭᠦᠨ ᠳᠤ ᠰᠦᠬᠡᠷᠬᠦ ᠪᠠᠶᠢᠬᠰᠠᠨ ᠠᠴᠠ ᠡᠶᠡᠷᠬᠦ ᠨᠡᠮᠡᠭᠳᠡᠯ ᠲᠠᠢ ᠪᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠡᠬᠦᠷᠬᠡ ᠶᠢ ᠳᠤᠬᠳᠠᠬᠰᠠᠨ ᠬᠤᠭᠤᠴᠠᠭᠠᠨ ᠳᠤ ᠪᠡᠶᠡᠯᠡᠬᠦᠯᠵᠥ᠂ ᠡᠯ᠎ᠡ ᠳᠠᠯ᠎ᠠ ᠶᠢᠨ ᠠᠵᠢᠯ ᠰᠢᠨ᠎ᠠ ᠠᠬᠢᠴᠠ ᠲᠠᠢ ᠪᠤᠯᠵᠥ᠂ ᠨᠡᠶᠢᠬᠡᠮ ᠤᠨ ᠶᠡᠭᠡ ᠳᠠᠯ᠎ᠠ ᠳᠤᠬᠳᠠᠭᠤᠨ ᠪᠠᠶᠢᠳᠠᠯ ᠢᠶᠠᠨ ᠪᠠᠳᠤᠯᠠᠪᠠ᠃ ᠠᠷᠪᠠᠨ ᠭᠤᠷᠪᠠᠳᠤᠭᠠᠷ ᠳᠠᠪᠤᠨ ᠵᠢᠯ᠎ ᠤᠨ ᠳᠦᠯᠦᠪᠵᠢᠬᠦᠯᠬᠡ ᠶᠢᠨ ᠡᠯ᠎ᠠ ᠲᠠᠯ᠎ᠠ ᠶᠢᠨ ᠠᠵᠢᠯ ᠢ ᠲᠡᠭᠦᠰ ᠠᠮᠵᠢᠯᠳᠠ ᠲᠠᠢ ᠲᠠᠭᠤᠰᠬᠠᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠠᠵᠢᠯ ᠠᠭᠤᠤ ᠶᠡᠭᠡ ᠳᠡᠥᠬᠡᠳᠤ ᠴᠢᠨᠠᠷᠳᠠᠢ ᠠᠮᠵᠢᠯᠳᠠ ᠤᠯᠪᠠ᠃ ᠬᠦᠨᠳᠤ ᠶᠡᠭᠡ ᠠᠶᠤᠯ ᠳᠦᠭᠰᠢᠬᠦᠷᠢ ᠦᠷᠢᠰᠦᠯᠳᠦᠬᠡᠨ ᠢ ᠠᠷᠭᠠᠴᠠᠭᠠᠬᠤ᠂ ᠴᠢᠬᠤᠯᠠ ᠶᠡᠭᠡ ᠠᠵᠢᠯ ᠢ ᠠᠬᠢᠭᠤᠯᠬᠤ ᠳᠠᠭᠠᠨ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠤᠬᠠᠮᠰᠠᠷ ᠠᠴᠠ ᠪᠠᠨ ᠳᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠵᠥ᠂ ᠨᠠᠮ ᠤᠨ ᠳᠦᠪ ᠬᠤᠷᠢᠶᠠᠨ ᠤ ᠳᠦᠪᠯᠠᠷᠠᠩᠬᠦᠢ ᠨᠢᠬᠡᠳᠦᠯᠳᠡᠢ ᠤᠳᠤᠷᠢᠳᠤᠯᠭ᠎ᠠ ᠶᠢᠨ ᠤᠯᠤᠰ ᠳᠦᠷᠦ ᠶᠢᠨ ᠳᠠᠪᠠᠭᠤᠯᠢᠭ ᠢ ᠪᠠᠳᠠᠷᠠᠭᠤᠯᠵᠠᠢ ᠬᠡᠵᠥ ᠴᠢᠬᠤᠯᠠᠴᠢᠯᠠᠪᠠ᠃

           ᠬᠤᠷᠠᠯ ᠠᠴᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠲᠡᠤᠬᠡᠨ ᠳᠤ ᠬᠤᠪᠤᠷ ᠠᠶᠤᠯ ᠲᠦᠭᠰᠢᠭᠦᠷᠢ ᠦᠷᠢᠰᠦᠯᠳᠦᠭᠡᠨ ᠢ ᠢᠯᠠᠨ ᠲᠠᠪᠠᠵᠤ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠬᠦᠴᠦᠯᠡᠨ ᠠᠬᠢᠭᠤᠯᠬᠤ ᠳᠤ ᠰᠢᠢᠳᠪᠦᠷᠢᠳᠤ ᠴᠢᠨᠠᠷᠳᠠᠢ ᠦᠢᠯᠡᠳᠦᠯ ᠦᠵᠡᠭᠦᠯᠪᠡ᠃ 2020 ᠤᠨ ᠪᠤᠯ ᠰᠢᠨ᠎ᠠ ᠳᠤᠮᠳᠠᠳᠤ ᠤᠯᠤᠰ ᠤᠨ ᠲᠡᠤᠬᠡᠨ ᠳᠡᠭᠡᠷᠡᠬᠢ᠂ ᠳᠤᠮᠳᠠᠳᠤ ᠶᠢᠨ ᠦᠨᠳᠦᠰᠦᠳᠡᠨ ᠤ ᠲᠡᠤᠬᠡᠨ ᠳᠡᠭᠡᠷᠡᠬᠢ᠂ ᠲᠡᠷᠡᠴᠢᠯᠡᠨ ᠬᠦᠮᠦᠨ ᠲᠦᠷᠦᠯᠬᠢᠳᠡᠨ ᠤ ᠲᠡᠤᠬᠡᠨ ᠳᠡᠭᠡᠷᠡᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠤᠯᠤᠨ᠎ᠠ᠃ ᠰᠢᠨ᠎ᠠ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠭᠡᠨᠡᠳᠳᠡ ᠪᠠᠷ ᠡᠬᠦᠰᠤᠨ ᠤᠯᠠᠨ ᠭᠠᠵᠠᠷ ᠲᠤ ᠦᠶᠡᠷ ᠤᠰᠤᠳᠤᠯ ᠤᠨ ᠭᠠᠮᠰᠢᠭ ᠭᠠᠷᠴᠦ᠂ ᠠᠵᠤ ᠠᠬᠤᠢ ᠶᠢᠨ ᠬᠦᠭᠵᠢᠯᠳᠡ ᠡᠯ᠎ᠠ ᠵᠦᠢᠯ ᠤᠨ ᠳᠠᠭᠠᠷᠢᠯᠳᠠ ᠳᠤ ᠤᠴᠠᠷᠠᠨ ᠭᠠᠳᠠᠭᠠᠳᠤ ᠤᠷᠴᠢᠨ ᠬᠠᠳᠠᠭᠤ ᠪᠡᠷᠬᠡ ᠡᠭᠡᠳᠡᠷᠡᠭᠡᠨ ᠪᠤᠳᠤᠯᠢᠶᠠᠨᠳᠠᠢ ᠪᠤᠯᠵᠤ᠂ ᠤᠯᠤᠰ ᠲᠦᠷᠦ᠂ ᠠᠵᠤ ᠠᠬᠤᠢ᠂ ᠰᠤᠶᠤᠯ᠂ ᠴᠡᠷᠢᠭ ᠤᠨ ᠶᠠᠪᠤᠳᠠᠯ᠂ ᠨᠡᠶᠢᠭᠡᠮ᠂ ᠤᠯᠠᠨ ᠤᠯᠤᠰ᠂ ᠪᠠᠶᠢᠭᠠᠯᠢ ᠵᠡᠷᠭᠡ ᠬᠦᠷᠢᠶᠡᠨ ᠤ ᠦᠷᠢᠰᠦᠯᠳᠦᠭᠡᠨ ᠵᠠᠯᠭᠠᠭ᠎ᠠ ᠪᠠᠷ ᠢᠯᠡᠷᠡᠵᠠᠢ᠃ ᠲᠦᠢᠯ ᠤᠨ ᠪᠠᠴᠢᠮ ᠲᠤᠯᠭᠠᠮ ᠠᠶᠤᠯ ᠲᠦᠭᠰᠢᠭᠦᠷᠢᠳᠠᠢ ᠴᠠᠬ ᠦᠶ᠎ᠠ ᠳᠤ ᠨᠠᠮ ᠤᠨ ᠲᠦᠪ ᠬᠤᠷᠢᠶ᠎ᠠ ᠠᠯᠤᠰ ᠢ ᠪᠠᠷᠠᠯᠠᠨ ᠬᠤᠯᠠ ᠶᠢ ᠪᠤᠳᠤᠯᠬᠢᠯᠠᠵᠤ ᠴᠠᠭ ᠢ ᠠᠵᠢᠨ ᠪᠠᠶᠢᠳᠠᠯ ᠢ ᠰᠢᠨᠵᠢᠵᠤ᠂ ᠪᠦᠬᠦ ᠨᠠᠮ ᠪᠦᠬᠦ ᠴᠡᠷᠢᠭ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠤᠳᠤᠷᠢᠳᠤᠨ ᠳᠠᠭᠠᠭᠤᠯᠵᠤ ᠬᠦᠴᠢᠷ ᠢ ᠰᠦᠷᠤᠨ ᠤᠷᠤᠭᠰᠢᠯᠠᠵᠤ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠡᠨᠡ ᠬᠦ ᠲᠦᠢᠯ ᠤᠨ ᠶᠡᠷᠦ ᠪᠤᠰᠤ ᠶᠢᠨ ᠨᠢᠬᠡ ᠵᠢᠯ ᠳᠤ ᠲᠦᠢᠯ ᠤᠨ ᠶᠡᠷᠦ ᠪᠤᠰᠤ ᠶᠢᠨ ᠭᠢᠯᠠᠯᠵᠠᠭᠰᠠᠨ ᠠᠮᠵᠢᠯᠳᠠ ᠶᠢ ᠡᠭᠦᠳᠴᠠᠢ ᠭᠡᠵᠤ ᠦᠵᠡᠪᠡ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠭᠦᠳ ᠠᠴᠠ᠂ ᠴᠢᠬᠤᠯᠠ ᠶᠡᠭᠡ ᠲᠡᠤᠬᠡ ᠶᠢᠨ ᠵᠠᠩᠭᠢᠯᠠᠭ᠎ᠠ ᠶᠢᠨ ᠴᠠᠭ ᠦᠶ᠎ᠠ ᠪᠠ ᠴᠢᠬᠤᠯᠠ ᠶᠡᠭᠡ ᠰᠢᠯᠭᠠᠯᠳᠠ ᠶᠢᠨ ᠡᠮᠦᠨ᠎ᠠ᠂ ᠤᠳᠤᠷᠢᠳᠬᠤ ᠬᠦᠴᠦᠨ ᠪᠤᠯ ᠬᠠᠮᠤᠭ ᠤᠨ ᠵᠠᠩᠭᠢᠯᠠᠭ᠎ᠠ ᠶᠢᠨ ᠨᠦᠬᠦᠴᠡᠯ ᠪᠠᠶᠢᠵᠤ᠂ ᠨᠠᠮ ᠤᠨ ᠲᠦᠪ ᠬᠤᠷᠢᠶᠠᠨ ᠤ ᠮᠠᠭᠠᠳᠯᠠᠬᠤ ᠴᠢᠳᠠᠪᠤᠷᠢ᠂ ᠰᠢᠢᠳᠪᠦᠷᠢᠳᠤ ᠪᠤᠳᠤᠯᠭ᠎ᠠ ᠳᠤᠭᠳᠠᠭᠠᠬᠤ ᠴᠢᠳᠠᠪᠤᠷᠢ ᠪᠤᠯᠤᠨ ᠭᠦᠢᠴᠡᠳᠭᠡᠬᠦ ᠴᠢᠳᠠᠪᠤᠷᠢ ᠨᠢ ᠰᠢᠢᠳᠪᠦᠷᠢᠳᠤ ᠴᠢᠨᠠᠷᠳᠠᠢ ᠦᠢᠯᠡᠳᠦᠯ ᠭᠠᠷᠭᠠᠳᠠᠭ ᠢ ᠦᠢᠯᠡᠳᠦᠯᠭᠡ ᠳᠠᠬᠢᠨᠳᠠ ᠭᠡᠷᠡᠴᠢᠯᠡᠵᠠᠢ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠦᠪ ᠬᠤᠷᠢᠶᠠᠨ ᠤ ᠭᠤᠤᠯᠯᠠᠭᠴᠢ᠂ ᠪᠦᠬᠦ ᠨᠠᠮ ᠤᠨ ᠭᠤᠤᠯᠯᠠᠭᠴᠢ ᠪᠤᠯᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠢᠯᠠᠯᠳᠠ ᠶᠢ ᠤᠯᠬᠤ᠂ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠠ ᠢᠯᠠᠯᠳᠠ ᠶᠢ ᠤᠯᠬᠤ ᠦᠨᠳᠦᠰᠦᠨ ᠪᠠᠳᠤᠯᠠᠭ᠎ᠠ ᠮᠦᠨ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠭᠦᠳ ᠳᠦᠷᠪᠡᠨ ᠤᠬᠠᠮᠰᠠᠷ᠎ ᠢᠶᠠᠨ ᠴᠢᠩᠭᠠᠳᠬᠠᠬᠤ᠂ ᠳᠦᠷᠪᠡᠨ ᠢᠳᠡᠭᠡᠯ᠎ ᠢᠶᠠᠨ ᠪᠠᠳᠤᠳᠬᠠᠬᠤ᠂ ᠬᠤᠶᠠᠷ ᠢ ᠬᠠᠮᠠᠭᠠᠯᠠᠬᠤ᠎ ᠶᠢ ᠪᠡᠶᠡᠯᠡᠭᠦᠯᠬᠦ ᠲᠠᠯ᠎ᠠ ᠪᠠᠷ ᠬᠡᠪ ᠳᠠᠭᠤᠷᠢᠶᠠᠯ ᠪᠤᠯᠵᠤ᠂ ᠨᠠᠮ ᠤᠨ ᠲᠦᠪ ᠬᠤᠷᠢᠶ᠎ᠠ ᠢᠮᠠᠭᠳᠠ ᠨᠠᠮ ᠪᠠ ᠠᠷᠠᠳ ᠲᠦᠮᠡᠨ ᠤ ᠨᠠᠶᠢᠳᠠᠪᠤᠷᠢᠳᠠᠢ ᠪᠠᠳᠤ ᠴᠢᠩᠭ᠎ᠠ ᠤᠳᠤᠷᠢᠳᠬᠤ ᠬᠠᠮᠳᠤ ᠪᠤᠯᠬᠤ ᠶᠢ ᠪᠠᠳᠤᠯᠠᠬᠤ ᠬᠡᠷᠡᠭᠳᠠᠢ ᠭᠡᠵᠤ ᠦᠵᠡᠵᠡᠭᠡᠪᠡ᠃

           ᠬᠤᠷᠠᠯ ᠠᠴᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠳᠤ ᠢᠯᠡ ᠲᠤᠳᠤ ᠦᠢᠯᠡᠳᠦᠯᠭᠡ ᠶᠢᠨ ᠴᠢᠨᠠᠷ᠂ ᠴᠠᠭ ᠦᠶᠡᠴᠢ ᠴᠢᠨᠠᠷ᠂ ᠪᠦᠲᠦᠭᠡᠯᠴᠢ ᠴᠢᠨᠠᠷ ᠲᠠᠢ ᠪᠠᠶᠢᠵᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠦᠬᠦ ᠦᠢᠯᠡᠳᠦᠯᠭᠡ ᠶᠢᠨ ᠳᠤᠮᠳᠠ ᠪᠤᠢ ᠪᠤᠯᠤᠭᠰᠠᠨ ᠤᠨᠤᠯ ᠤᠨ ᠦᠷ᠎ᠠ ᠪᠦᠲᠦᠭᠡᠯ ᠪᠤᠯᠤᠨ᠎ᠠ᠂ ᠰᠢᠨ᠎ᠠ ᠴᠠᠭ ᠦᠶ᠎ᠠ ᠶᠢᠨ ᠨᠠᠮ ᠪᠠ ᠤᠯᠤᠰ ᠤᠨ ᠠᠵᠢᠯ ᠦᠢᠯᠡᠰ ᠤᠨ ᠲᠠᠰᠤᠷᠠᠯᠳᠠ ᠦᠭᠡᠢ ᠤᠷᠤᠭᠰᠢ ᠬᠦᠭᠵᠢᠬᠦ ᠶᠢ ᠠᠬᠢᠭᠤᠯᠬᠤ ᠰᠢᠨᠵᠢᠯᠡᠬᠦ ᠤᠬᠠᠭᠠᠨᠴᠢ ᠵᠦᠭᠯᠡᠭᠦᠷ ᠪᠤᠯᠤᠨ᠎ᠠ᠃ ᠪᠦᠬᠦ ᠨᠠᠮ ᠤᠨ ᠬᠢᠨ ᠡᠨᠡ ᠬᠦ ᠰᠢᠨᠵᠢᠯᠡᠬᠦ ᠤᠬᠠᠭᠠᠨᠴᠢ ᠤᠨᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠶᠢ ᠪᠠᠷᠢᠮᠳᠠᠯᠠᠵᠤ᠂ ᠠᠵᠢᠯ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠬᠦᠳᠬᠦ ᠬᠡᠷᠡᠭᠳᠠᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠭᠦᠳ ᠡᠷᠬᠡᠪᠰᠢ ᠰᠠᠶᠢᠳᠤᠷ ᠤᠢᠢᠯᠠᠭᠠᠨ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠲᠠᠯ᠎ᠠ ᠪᠠᠷ ᠪᠦᠬᠦ ᠨᠠᠮ ᠳᠤ ᠳᠠᠭᠤᠷᠢᠶᠠᠯ ᠦᠵᠡᠭᠦᠯᠵᠤ᠂ ᠲᠠᠰᠤᠷᠠᠯᠳᠠ ᠦᠭᠡᠢ ᠰᠤᠷᠤᠯᠴᠠᠵᠤ᠂ ᠲᠠᠰᠤᠷᠠᠯᠳᠠ ᠦᠭᠡᠢ ᠦᠢᠯᠡᠳᠦᠯᠭᠡᠵᠢᠭᠦᠯᠤᠨ᠂ ᠲᠠᠰᠤᠷᠠᠯᠳᠠ ᠦᠭᠡᠢ ᠤᠢᠢᠯᠠᠭᠠᠨ ᠡᠵᠡᠮᠰᠢᠵᠤ᠂ ᠤᠨᠤᠯ ᠤᠨ ᠬᠡᠪ ᠪᠤᠯᠪᠠᠰᠤᠷᠠᠯ᠂ ᠤᠯᠤᠰ ᠲᠦᠷᠦ ᠶᠢᠨ ᠬᠡᠪ ᠪᠤᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠤ᠂ ᠨᠠᠮ ᠤᠨ ᠰᠢᠨ᠎ᠠ ᠶᠢ ᠡᠭᠦᠳᠦᠭᠰᠡᠨ ᠤᠨᠤᠯ ᠢ ᠳᠡᠯᠡᠬᠡᠢ ᠶᠢᠷᠳᠢᠨᠴᠤ ᠶᠢ ᠲᠠᠨᠢᠬᠤ᠂ ᠳᠡᠯᠡᠬᠡᠢ ᠶᠢᠷᠳᠢᠨᠴᠤ ᠶᠢ ᠦᠭᠡᠷᠡᠴᠢᠯᠡᠬᠦ ᠬᠦᠴᠦᠷᠬᠡᠭ ᠶᠡᠭᠡ ᠤᠶᠤᠨ ᠰᠠᠨᠠᠭᠠᠨ ᠤ ᠵᠡᠪᠰᠡᠭ ᠪᠤᠯᠭᠠᠬᠤ ᠬᠡᠷᠡᠭᠳᠠᠢ᠃ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠯᠤᠰ ᠲᠦᠷᠦ ᠶᠢᠨ ᠲᠤᠭᠳᠠᠯ ᠬᠦᠴᠦᠨ ᠢᠶᠠᠨ ᠪᠠᠳᠤᠯᠠᠨ᠂ ᠤᠯᠤᠰ ᠲᠦᠷᠦ ᠶᠢᠨ ᠴᠢᠭᠯᠡᠯ ᠢ ᠡᠵᠡᠮᠳᠡᠵᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠤ᠂ ᠵᠤᠷᠢᠭᠳᠠᠢ ᠲᠡᠮᠡᠴᠡᠨ ᠴᠢᠳᠠᠮᠠᠭᠠᠢ ᠲᠡᠮᠡᠴᠡᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠵᠠᠮ ᠨᠡᠬᠡᠬᠡᠨ ᠰᠢᠨ᠎ᠠ ᠶᠢ ᠡᠭᠦᠳᠴᠤ᠂ ᠨᠠᠮ ᠪᠠ ᠠᠷᠠᠳ ᠲᠦᠮᠡᠨ ᠤ ᠲᠦᠯᠦᠭᠡ ᠨᠡᠩ ᠰᠠᠶᠢᠳᠦᠷ ᠠᠵᠢᠯᠯᠠᠬᠤ ᠬᠡᠷᠡᠭᠳᠠᠢ ᠭᠡᠵᠤ ᠴᠢᠬᠤᠯᠠᠴᠢᠯᠠᠪᠠ᠃

           ᠬᠤᠷᠠᠯ ᠠᠴᠠ᠂ 2012 ᠤᠨ ᠤ 12 ᠰᠠᠷ᠎ᠠ ᠳᠤ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠤᠷᠠᠯ ᠠᠴᠠ ᠠᠵᠢᠯ ᠤᠨ ᠰᠤᠷᠳᠠᠯ ᠢ ᠰᠠᠶᠢᠵᠢᠷᠠᠭᠤᠯᠵᠤ ᠤᠯᠠᠨ ᠲᠦᠮᠡᠨ ᠲᠠᠢ ᠨᠢᠭᠳᠠ ᠬᠠᠷᠢᠯᠴᠠᠬᠤ ᠲᠤᠬᠠᠢ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠠᠢᠮᠠᠨ ᠲᠤᠭᠳᠠᠭᠠᠯ᠎ ᠢ ᠬᠢᠨᠠᠨ ᠵᠦᠪᠯᠡᠵᠤ ᠪᠠᠳᠤᠯᠠᠭᠰᠠᠨ ᠠᠴᠠ ᠨᠠᠭᠠᠰᠢ᠂ ᠰᠢᠨᠳᠡᠷᠡᠰᠢ ᠦᠭᠡᠢ ᠴᠢᠷᠮᠠᠶᠢᠯᠭ᠎ᠠ ᠪᠠᠷ ᠳᠠᠮᠵᠢᠨ ᠦᠩᠭᠡᠷᠡᠭᠰᠡᠨ ᠳᠤ ᠬᠤᠷᠢᠡᠡᠯᠠᠭᠳᠠᠰᠢ ᠦᠭᠡᠢ ᠬᠡᠮᠡᠨ ᠰᠠᠨᠠᠭᠳᠠᠵᠤ ᠪᠠᠶᠢᠭᠰᠠᠨ ᠵᠠᠷᠢᠮ ᠭᠠᠵᠢᠭᠤ ᠰᠤᠷᠳᠠᠯ ᠢ ᠬᠤᠷᠢᠡᠡᠯᠠᠨ ᠵᠤᠭᠰᠤᠭᠠᠵᠤ᠂ ᠤᠷᠳᠤ ᠬᠤᠭᠤᠴᠠᠭᠠᠨ ᠳᠤ ᠰᠢᠢᠳᠪᠦᠷᠢᠯᠡᠬᠦ ᠪᠠᠷ ᠪᠤᠳᠤᠵᠤ ᠪᠠᠶᠢᠭᠰᠠᠨ ᠪᠤᠯᠪᠠᠴᠤ ᠰᠢᠢᠳᠪᠦᠷᠢᠯᠡᠭᠡᠳᠦᠢ ᠪᠠᠶᠢᠭᠰᠠᠨ ᠵᠠᠷᠢᠮ ᠬᠠᠭᠤᠴᠢᠨ ᠠᠷᠬᠠᠭ ᠢ ᠰᠢᠢᠳᠪᠦᠷᠢᠯᠡᠵᠤ᠂ ᠨᠠᠮ ᠤᠨ ᠰᠤᠷᠳᠠᠯ ᠵᠠᠰᠠᠭ ᠤᠨ ᠰᠤᠷᠳᠠᠯ ᠴᠤ᠋ ᠰᠢᠨ᠎ᠠ ᠪᠠᠶᠢᠳᠠᠯ ᠲᠠᠢ ᠪᠤᠯᠵᠤ ᠬᠤᠪᠢᠷᠠᠪᠠ᠃ ᠨᠠᠮ ᠤᠨ ᠲᠦᠪ ᠬᠤᠷᠢᠶ᠎ᠠ ᠬᠡᠯᠪᠡᠷᠢᠴᠢ ᠦᠵᠡᠯ ᠨᠤᠶᠠᠨᠴᠢ ᠰᠤᠷᠳᠠᠯ ᠤᠨ ᠳᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ᠂ ᠦᠨᠳᠦᠰᠦᠨ ᠱᠠᠳᠤᠨ ᠤ ᠳᠠᠷᠤᠭᠠᠰᠤ ᠶᠢ ᠬᠦᠩᠭᠡᠷᠡᠭᠦᠯᠬᠦ ᠶᠢ ᠰᠤᠷᠳᠠᠯ ᠤᠨ ᠪᠠᠶᠢᠭᠤᠯᠤᠯᠳᠠ ᠶᠢᠨ ᠢᠶᠠᠨ ᠭᠤᠤᠯᠳᠠᠯᠭ᠎ᠠ ᠪᠤᠯᠭᠠᠨ᠂ ᠦᠨᠳᠦᠰᠦᠨ ᠱᠠᠳᠤᠨ ᠤ ᠳᠠᠷᠤᠭᠠᠰᠤ ᠶᠢ ᠬᠦᠴᠦᠯᠡᠨ ᠬᠦᠩᠭᠡᠷᠡᠭᠦᠯᠵᠤ᠂ ᠤᠨᠢᠨ ᠳᠡᠭᠡᠷ᠎ᠠ ᠨᠢ ᠠᠷᠭ᠎ᠠ ᠪᠤᠳᠤᠯᠭ᠎ᠠ ᠬᠡᠷᠡᠭᠵᠢᠭᠦᠯᠤᠨ ᠴᠢᠭᠯᠡᠭᠦᠯᠦᠯᠳᠦ ᠴᠢᠨᠠᠷᠳᠠᠢ ᠪᠠᠷ ᠵᠠᠰᠠᠵᠤ᠂ ᠬᠠᠮ ᠠᠷᠭ᠎ᠠ ᠬᠡᠮᠵᠢᠶ᠎ᠠ ᠭᠠᠷᠭᠠᠨ᠂ ᠮᠠᠰᠢ ᠰᠠᠶᠢᠨ ᠦᠷ᠎ᠠ ᠪᠦᠳᠤᠮᠵᠢ ᠤᠯᠵᠠᠢ᠃ ᠡᠭᠦᠨ ᠤ ᠬᠠᠮᠳᠤ ᠳᠦᠷᠪᠡᠨ ᠰᠤᠷᠳᠠᠯ᠎ ᠤᠨ ᠠᠰᠠᠭᠤᠳᠠᠯ ᠤᠨ ᠡᠪᠡᠳᠴᠢᠨ ᠤ ᠦᠨᠳᠦᠰᠦ ᠠᠷᠢᠯᠤᠭᠠᠳᠤᠢ᠂ ᠬᠦᠷᠦᠰᠦ ᠰᠢᠷᠤᠢ ᠨᠢ ᠤᠷᠤᠭᠰᠢᠭᠰᠠᠭᠠᠷ ᠭᠡᠳᠡᠭ ᠢ ᠴᠤ ᠤᠯᠵᠤ ᠬᠠᠷᠠᠵᠤ᠂ ᠮᠤᠷᠢᠨ ᠤ ᠡᠮᠡᠭᠡᠯ ᠢᠶᠠᠨ ᠦᠯᠤ ᠪᠠᠭᠤᠯᠭᠠᠨ ᠴᠤᠯᠪᠤᠭᠤᠷ ᠢᠶᠠᠨ ᠦᠯᠤ ᠰᠤᠯᠠᠯᠠᠬᠤ ᠲᠤᠭᠳᠠᠯ ᠬᠦᠴᠦᠨ ᠢᠶᠠᠷ᠂ ᠳᠠᠬᠢᠨ ᠳᠠᠪᠳᠠᠨ ᠠᠳᠬᠤᠬᠤ ᠳᠠᠬᠢᠨ ᠳᠠᠪᠳᠠᠬᠤ ᠶᠢ ᠠᠳᠬᠤᠬᠤ ᠡᠷᠴᠢ ᠵᠤᠷᠢᠭ ᠢᠶᠠᠷ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠠᠷ ᠲᠦᠪ ᠤᠨ ᠨᠠᠢᠮᠠᠨ ᠲᠤᠭᠳᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ᠂ ᠳᠦᠷᠪᠡᠨ ᠰᠤᠷᠳᠠᠯ᠎ ᠢ ᠴᠡᠭᠴᠡᠯᠡᠨ ᠵᠠᠰᠠᠬᠤ᠂ ᠦᠨᠳᠦᠰᠦᠨ ᠱᠠᠳᠤᠨ ᠤ ᠳᠠᠷᠤᠭᠠᠰᠤ ᠶᠢ ᠬᠦᠩᠭᠡᠷᠡᠭᠦᠯᠬᠦ ᠡᠯ᠎ᠠ ᠵᠦᠢᠯ ᠤᠨ ᠲᠤᠭᠳᠠᠭᠠᠯ ᠢ ᠨᠠᠶᠢᠳᠠᠪᠤᠷᠢᠵᠢᠭᠤᠯᠬᠤ ᠶᠢ ᠲᠤᠭᠤᠰᠢᠯᠠᠭᠤᠯᠵᠤ᠂ ᠤᠷᠳᠤ ᠬᠤᠭᠤᠴᠠᠭᠠᠨ ᠤ ᠪᠦᠲᠦᠮᠵᠢᠳᠠᠢ ᠲᠤᠭᠳᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠳᠠᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠭᠦᠳ ᠦᠷᠭᠦᠯᠵᠢᠯᠡᠨ ᠴᠢᠷᠮᠠᠶᠢᠵᠤ᠂ ᠪᠦᠬᠦ ᠨᠠᠮ ᠤᠨ ᠬᠢᠨ ᠢ ᠰᠠᠶᠢᠳᠦᠷ ᠳᠠᠭᠠᠭᠤᠯᠵᠤ ᠰᠠᠶᠢᠨ ᠳᠠᠭᠤᠷᠢᠶᠠᠯ ᠦᠵᠡᠭᠦᠯᠬᠦ ᠬᠡᠷᠡᠭᠳᠠᠢ ᠭᠡᠵᠤ ᠵᠢᠭᠠᠵᠤ ᠭᠠᠷᠭᠠᠪᠠ᠃

           ᠬᠤᠷᠠᠯ ᠠᠴᠠ᠂ ᠳᠠᠷᠠᠭ᠎ᠠ ᠵᠢᠯ ᠪᠤᠯ ᠠᠷᠪᠠᠨ ᠳᠦᠷᠪᠡᠳᠦᠭᠡᠷ ᠲᠠᠪᠤᠨ ᠵᠢᠯ᠎ ᠤᠨ ᠲᠦᠯᠦᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮᠳᠤ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠠ ᠠᠶᠠᠨ ᠢ ᠡᠬᠢᠯᠡᠭᠦᠯᠬᠦ ᠠᠩᠬᠠᠨ ᠤ ᠵᠢᠯ ᠪᠤᠯᠤᠨ᠎ᠠ᠂ ᠮᠦᠨ ᠴᠤ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠤᠯᠤᠨ᠎ᠠ᠃ ᠰᠠᠶᠢᠨ ᠡᠬᠢᠯᠡᠯᠳᠡ ᠰᠠᠶᠢᠨ ᠭᠠᠷᠤᠭ᠎ᠠ ᠲᠠᠢ ᠪᠤᠯᠭᠠᠬᠤ ᠲᠤᠭᠤᠷᠢᠨ ᠳᠤ ᠪᠦᠬᠦ ᠠᠵᠢᠯ ᠢᠶᠠᠨ ᠦᠷᠨᠢᠭᠦᠯᠵᠦ᠂ ᠰᠢᠯᠢᠳᠡᠭ ᠠᠮᠵᠢᠯᠳᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠳᠠᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠭᠦᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠦᠪ ᠬᠤᠷᠢᠶᠠᠨ ᠤ ᠳᠤᠷᠠᠳᠤᠭᠰᠠᠨ ᠠᠷᠪᠠᠨ ᠳᠦᠷᠪᠡᠳᠦᠭᠡᠷ ᠲᠠᠪᠤᠨ ᠵᠢᠯ᠎ ᠤᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯᠤᠨ 2035 ᠤᠨ ᠤ ᠠᠯᠤᠰ ᠤᠨ ᠬᠠᠷᠠᠯᠳᠠ ᠲᠠᠢ ᠬᠠᠷᠭᠤᠭᠤᠯᠤᠨ᠂ ᠴᠢᠨᠠᠷ ᠰᠠᠶᠢᠳᠠᠢ ᠬᠦᠭᠵᠢᠯᠳᠡ ᠭᠡᠬᠦ ᠡᠨᠡ ᠬᠦ ᠭᠤᠤᠯ ᠰᠡᠳᠦᠪ ᠲᠠᠢ ᠨᠢᠭᠳᠠ ᠤᠶᠠᠯᠳᠤᠭᠤᠯᠵᠤ᠂ ᠰᠢᠨ᠎ᠠ ᠬᠦᠭᠵᠢᠯᠳᠡ ᠶᠢᠨ ᠱᠠᠳᠤᠨ ᠳᠤ ᠰᠠᠭᠤᠷᠢᠯᠠᠨ᠂ ᠰᠢᠨ᠎ᠠ ᠬᠦᠭᠵᠢᠯᠳᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠠ ᠬᠦᠭᠵᠢᠯᠳᠡ ᠶᠢᠨ ᠪᠠᠶᠢᠷᠢᠰᠢᠯ ᠢ ᠴᠤᠭᠴᠠᠯᠠᠨ᠂ ᠰᠢᠨᠵᠢᠯᠡᠬᠦ ᠤᠬᠠᠭᠠᠨᠴᠢ ᠪᠠᠷ ᠲᠦᠯᠦᠪᠵᠢᠭᠦᠯᠬᠦ ᠶᠢ ᠴᠢᠩᠭᠠᠳᠬᠠᠵᠤ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠬᠦ ᠶᠢ ᠭᠦᠨᠵᠡᠭᠡᠶᠢᠷᠡᠭᠦᠯᠵᠤ᠂ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠡᠯ᠎ᠠ ᠲᠠᠯ᠎ᠠ ᠶᠢᠨ ᠠᠵᠢᠯ ᠳᠤ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠠᠢ ᠭᠡᠵᠤ ᠦᠵᠡᠪᠡ᠃

           ᠰᠢ ᠶᠢᠨ ᠫᠢᠩ ᠶᠠᠷᠢᠶᠠᠨ ᠳᠠᠭᠠᠨ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠭᠦᠳ ᠤᠨ ᠬᠢᠭᠰᠡᠨ ᠬᠠᠷᠭᠤᠭᠤᠯᠤᠨ ᠪᠠᠶᠢᠴᠠᠭᠠᠯᠳᠠ ᠶᠢ ᠦᠨᠡᠯᠡᠵᠤ᠂ ᠠᠮᠵᠢᠯᠳᠠ ᠶᠢ ᠨᠤᠳᠠᠯᠠᠨ᠂ ᠱᠠᠭᠠᠷᠳᠠᠯᠭ᠎ᠠ ᠳᠤᠷᠠᠳᠴᠤ᠂ ᠲᠤᠰ ᠤᠳᠠᠭ᠎ᠠ ᠶᠢᠨ ᠬᠤᠷᠠᠯ ᠳᠤ ᠳ᠋ᠦᠩᠨᠡᠯᠳᠡ ᠬᠢᠭᠰᠡᠨ ᠪᠦᠭᠡᠳ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠬᠢᠨ ᠲᠤᠭᠳᠠᠭᠠᠯ ᠪᠠ ᠬᠡᠷᠡᠭᠵᠢᠭᠦᠯᠬᠦ ᠨᠠᠷᠢᠨ ᠳᠦᠷᠢᠮ᠎ ᠢ ᠲᠤᠭᠤᠰᠢᠯᠠᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶ᠎ᠠ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠮᠠᠰᠢ ᠰᠠᠶᠢᠨ ᠬᠤᠷᠠᠯᠳᠤᠭᠤᠯᠵᠤ᠂ ᠤᠯᠠᠨ ᠢᠶᠠᠷ ᠢᠶᠠᠨ ᠤᠯᠤᠯᠳᠠ ᠪᠠᠨ ᠶᠠᠷᠢᠯᠴᠠᠵᠤ᠂ ᠦᠵᠡᠯ ᠰᠠᠨᠠᠭ᠎ᠠ ᠪᠠᠨ ᠰᠤᠯᠢᠯᠴᠠᠨ᠂ ᠠᠰᠠᠭᠤᠳᠠᠯ ᠢᠶᠠᠨ ᠵᠢᠭᠰᠠᠭᠠᠨ ᠪᠠᠶᠢᠴᠠᠭᠠᠵᠤ᠂ ᠴᠢᠷᠮᠠᠶᠢᠬᠤ ᠴᠢᠭᠯᠡᠯ ᠢᠶᠠᠨ ᠳᠤᠷᠠᠳᠴᠤ᠂ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠪᠦᠯᠬᠦᠮᠳᠡᠯ ᠢ ᠴᠢᠩᠭᠠᠳᠬᠠᠬᠤ᠂ ᠠᠵᠢᠯ ᠢᠶᠠᠨ ᠰᠠᠶᠢᠵᠢᠷᠠᠭᠤᠯᠬᠤ ᠳᠤ ᠮᠠᠰᠢ ᠶᠡᠭᠡ ᠲᠤᠰᠠ ᠪᠤᠯᠵᠠᠢ ᠭᠡᠵᠤ ᠦᠵᠡᠪᠡ᠃

           ᠰᠢ ᠶᠢᠨ ᠫᠢᠩ᠂ ᠮᠠᠠ ᠤ ᠨᠠᠮ ᠤᠲᠠᠯ ᠦᠭᠡᠢ ᠨᠠᠮ ᠪᠠᠶᠢᠭᠤᠯᠤᠭᠲᠠᠭᠰᠠᠠ ᠵᠠᠭᠤᠨ ᠵᠢᠯ ᠤᠨ ᠤᠢ ᠪᠠᠨ ᠤᠭᠲᠤᠬᠤ ᠪᠤᠯᠤᠨ᠎ᠠ᠃ ᠨᠠᠮ ᠪᠠᠶᠢᠭᠤᠯᠤᠭᠳᠠᠭᠰᠠᠨ ᠠᠴᠠ ᠰᠢᠨ᠎ᠠ ᠲᠤᠮᠲᠠᠲᠤ ᠤᠯᠤᠰ ᠪᠠᠶᠢᠭᠤᠯᠤᠭᠲᠠᠬᠰᠠᠨ ᠬᠦᠷᠳᠡᠯ᠎ᠠ᠂ ᠦᠭᠡᠷᠡᠴᠢᠯᠡᠯᠲᠡ ᠨᠡᠭᠡᠭᠡᠯᠲᠡ ᠬᠢᠵᠦ ᠲᠡᠭᠷᠢ ᠭᠠᠵᠠᠷ ᠢ ᠲᠤᠩᠰᠤᠯᠭᠠᠮ᠎ᠠ ᠬᠤᠪᠢᠷᠠᠯᠳᠠ ᠭᠠᠷᠭᠠᠭᠰᠠᠨ ᠬᠦᠷᠳᠡᠯ᠎ᠠ᠂ ᠳᠠᠬᠢᠨ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠭᠠᠰᠢ ᠨᠠᠮ ᠪᠠ ᠤᠯᠤᠰ ᠤᠨ ᠠᠵᠢᠯ ᠦᠢᠯᠡᠰ ᠲᠡᠤᠭᠡᠲᠦ ᠴᠢᠨᠠᠷᠲᠠᠢ ᠠᠮᠵᠢᠯᠲᠠ ᠤᠯᠵᠦ ᠲᠡᠤᠭᠡᠲᠦ ᠴᠢᠨᠠᠷᠲᠠᠢ ᠬᠤᠪᠢᠰᠤᠯᠳᠠ ᠭᠠᠷᠤᠭᠰᠠᠨ ᠬᠦᠷᠳᠡᠯ᠎ᠠ᠂ ᠡᠨᠡ ᠪᠦᠬᠦᠨ ᠤ ᠦᠨᠲᠦᠰᠦᠨ ᠰᠢᠯᠲᠠᠭᠠᠠ ᠪᠤᠯ ᠮᠠᠠ ᠤ ᠨᠠᠮ ᠢᠮᠠᠭᠲᠠ ᠲᠤᠮᠲᠠᠲᠤ ᠤᠯᠤᠰ ᠤᠨ ᠠᠷᠠᠳ ᠲᠦᠮᠡᠡ ᠳᠤ ᠵᠤᠯ ᠵᠢᠷᠭᠠᠯ ᠤᠯᠭᠤᠬᠤ᠂ ᠲᠤᠮᠲᠠᠲᠤ ᠶᠢᠨ ᠦᠨᠲᠦᠰᠦᠲᠠᠠ ᠤ ᠰᠡᠷᠭᠦᠨ ᠮᠠᠨᠳᠤᠯᠳᠠ ᠶᠢ ᠪᠡᠶᠡᠯᠡᠭᠦᠯᠬᠦ ᠤᠭ ᠰᠠᠨᠠᠭ᠎ᠠ ᠪᠠ ᠡᠬᠦᠷᠭᠡ ᠬᠠᠷᠢᠭᠤᠴᠠᠯᠭ᠎ᠠ ᠪᠠᠨ ᠪᠠᠲᠤ ᠰᠠᠬᠢᠭᠰᠠᠠ ᠳᠤ ᠪᠠᠶᠢᠨ᠎ᠠ᠃ ᠮᠠᠠ ᠤ ᠨᠠᠮ ᠢᠮᠠᠭᠲᠠ ᠤᠭ ᠰᠠᠨᠠᠭ᠎ᠠ ᠪᠠᠨ ᠦᠯᠦ ᠮᠠᠷᠲᠠᠨ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠤ᠂ ᠨᠠᠮ ᠪᠠ ᠠᠷᠠᠳ ᠲᠦᠮᠠᠠ ᠤ ᠠᠵᠢᠯ ᠦᠢᠯᠡᠰ ᠢ ᠤᠳᠠᠭᠠᠨ ᠲᠠᠭᠠᠭᠠᠮᠠᠢ ᠪᠠᠷ ᠠᠬᠢᠭᠤᠯᠬᠤ ᠳᠤ ᠡᠷᠭᠡᠪᠰᠢ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠦ᠂ ᠤᠯᠤᠰ ᠲᠦᠷᠦ ᠶᠢᠨ ᠲᠠᠯ᠎ᠠ ᠠᠴᠠ ᠠᠰᠠᠭᠤᠲᠠᠯ ᠢ ᠦᠵᠡᠬᠦ ᠳᠡᠭᠡᠨ ᠴᠢᠲᠠᠮᠠᠭᠠᠢ ᠪᠠᠶᠢᠵᠦ᠂ ᠤᠯᠤᠰ ᠲᠦᠷᠦ ᠶᠢᠨ ᠶᠡᠭᠡ ᠲᠠᠯ᠎ᠠ ᠶᠢ ᠡᠵᠡᠮᠲᠡᠬᠦ ᠳᠡᠭᠡᠨ ᠴᠢᠲᠠᠮᠠᠭᠠᠢ ᠪᠠᠶᠢᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠲᠡᠰᠤᠷᠠᠯᠲᠠ ᠦᠭᠡᠢ ᠲᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

           ᠰᠢ ᠶᠢᠨ ᠫᠢᠩ᠂ ᠲᠤᠭ ᠲᠡᠮᠲᠡᠭ ᠲᠤᠲᠤᠷᠬᠠᠢ ᠪᠠᠷ ᠤᠯᠤᠰ ᠲᠦᠷᠦ ᠶᠢ ᠡᠷᠬᠢᠮᠯᠡᠬᠦ ᠪᠤᠯ ᠮᠠᠷᠺᠰ ᠤᠨ ᠦᠵᠡᠯ ᠤᠨ ᠲᠦᠷᠦ ᠶᠢᠨ ᠨᠠᠮ ᠤᠨ ᠢᠯᠡ ᠲᠤᠲᠤ ᠤᠨᠴᠠᠯᠢᠭ ᠪᠤᠯᠬᠤ ᠪᠦᠭᠡᠳ ᠮᠠᠠ ᠤ ᠨᠠᠮ ᠤᠨ ᠢᠮᠠᠭᠲᠠ ᠶᠢᠨ ᠤᠯᠤᠰ ᠲᠦᠷᠦ ᠶᠢᠨ ᠲᠠᠪᠠᠭᠤᠯᠢᠭ ᠮᠦᠨ᠃ ᠨᠠᠮ ᠠᠴᠠ ᠠᠷᠠᠳ ᠲᠦᠮᠠᠠ ᠢ ᠤᠲᠤᠷᠢᠳᠴᠤ ᠲᠦᠷᠦ ᠶᠢ ᠵᠠᠰᠠᠵᠦ ᠵᠠᠰᠠᠭ ᠢ ᠡᠷᠬᠢᠯᠡᠬᠦ ᠳᠤ ᠬᠠᠮᠤᠭ ᠤᠨ ᠴᠢᠬᠤᠯᠠ ᠨᠢ ᠵᠦᠪ ᠤᠨᠤᠪᠴᠢᠳᠠᠢ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠦ᠂ ᠮᠠᠠ ᠤ ᠨᠠᠮ ᠤᠨ ᠤᠯᠤᠰ ᠲᠦᠷᠦ ᠶᠢᠨ ᠮᠦᠨ ᠴᠢᠨᠠᠷ ᠢ ᠢᠮᠠᠭᠲᠠ ᠪᠠᠳᠤᠯᠠᠨ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠢᠮᠠᠭᠲᠠ ᠤᠷᠤᠭᠰᠢᠯᠠᠬᠤ ᠳᠤ ᠪᠠᠶᠢᠨ᠎ᠠ᠃ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠨᠦᠬᠦᠳ ᠠᠬᠤᠢ ᠪᠠᠶᠢᠳᠠᠯ ᠢ ᠵᠦᠪ ᠲᠠᠨᠢᠵᠤ᠂ ᠤᠷᠤᠠ ᠪᠠᠶᠢᠷᠢ ᠪᠠᠨ ᠵᠦᠪ ᠰᠤᠩᠭᠤᠨ᠂ ᠭᠤᠤᠯᠳᠠᠯᠭ᠎ᠠ ᠶᠢ ᠵᠦᠪ ᠤᠯᠵᠤ᠂ ᠤᠯᠤᠰ ᠲᠦᠷᠦ ᠶᠢᠨ ᠲᠠᠯ᠎ᠠ ᠠᠴᠠ ᠠᠰᠠᠭᠤᠲᠠᠯ ᠢ ᠠᠵᠢᠠᠠᠯᠠᠵᠦ ᠰᠢᠢᠳᠪᠦᠷᠢᠯᠡᠬᠦ ᠳᠡᠭᠡᠨ ᠴᠢᠲᠠᠮᠠᠭᠠᠢ ᠪᠠᠶᠢᠵᠦ᠂ ᠤᠯᠤᠰ ᠲᠦᠷᠦ ᠶᠢ ᠡᠷᠬᠢᠮᠯᠡᠬᠦ ᠱᠠᠭᠠᠷᠲᠠᠯᠭ᠎ᠠ ᠶᠢ ᠭᠠᠳᠠᠨᠠᠬᠢ ᠱᠠᠭᠠᠷᠲᠠᠯᠭ᠎ᠠ ᠠᠴᠠ ᠲᠤᠲᠤᠭᠠᠲᠤ ᠰᠠᠨᠠᠭᠠᠴᠢᠯᠠᠭ᠎ᠠ ᠪᠤᠯᠭᠠᠨ ᠬᠤᠪᠢᠷᠠᠭᠤᠯᠬᠤ ᠭᠡᠷᠡᠭᠲᠡᠢ ᠭᠡᠵᠦ ᠵᠢᠭᠠᠵᠦ ᠭᠠᠷᠭᠠᠪᠠ᠃

           ᠰᠢ ᠶᠢᠨ ᠫᠢᠩ᠂ ᠤᠯᠤᠰ ᠲᠦᠷᠦ ᠶᠢ ᠡᠷᠬᠢᠮᠯᠡᠬᠦ ᠳᠤ ᠡᠷᠭᠡᠪᠰᠢ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠪᠠᠨ ᠲᠡᠭᠡᠭᠰᠢᠯᠡᠭᠦᠯᠬᠦ ᠬᠡᠷᠡᠭᠲᠡᠢ᠃ ᠮᠠᠠ ᠤ ᠨᠠᠮ ᠠᠷᠠᠳ ᠲᠦᠮᠠᠠ ᠢ ᠤᠲᠤᠷᠢᠳᠤᠨ ᠬᠤᠪᠢᠰᠬᠠᠯ᠂ ᠪᠦᠲᠦᠭᠡᠡ ᠪᠠᠶᠢᠭᠤᠯᠤᠯᠲᠠ᠂ ᠦᠭᠡᠷᠡᠴᠢᠯᠡᠯᠲᠡ ᠬᠢᠭᠰᠡᠡ ᠲᠡᠤᠬᠡᠡ ᠶᠠᠪᠤᠴᠠ ᠨᠢᠭᠡ ᠶᠤᠰᠤ ᠶᠢ ᠲᠠᠬᠢᠨ ᠲᠠᠪᠲᠠᠠ ᠭᠡᠷᠡᠴᠢᠯᠡᠭᠰᠡᠡ ᠪᠠᠶᠢᠨ᠎ᠠ᠄ ᠤᠯᠤᠰ ᠲᠦᠷᠦ ᠶᠢᠨ ᠲᠠᠯ᠎ᠠ ᠪᠠᠷ ᠬᠢ ᠰᠠᠨᠠᠭᠠᠴᠢᠯᠠᠭ᠎ᠠ ᠪᠤᠯ ᠬᠠᠮᠤᠭ ᠤᠨ ᠠᠰᠢᠭᠲᠠᠢ ᠰᠠᠨᠠᠭᠠᠴᠢᠯᠠᠭ᠎ᠠ ᠮᠦᠨ᠂ ᠤᠯᠤᠰ ᠲᠦᠷᠦ ᠶᠢᠨ ᠲᠠᠯ᠎ᠠ ᠪᠠᠷ ᠬᠢ ᠰᠠᠨᠠᠭᠠᠴᠢᠯᠠᠭᠠᠲᠦ ᠪᠤᠰᠤ ᠪᠤᠯ ᠬᠠᠮᠤᠭ ᠤᠨ ᠠᠶᠤᠯ ᠲᠦᠭᠰᠢᠬᠦᠷᠢ ᠲᠠᠢ ᠰᠠᠨᠠᠭᠠᠴᠢᠯᠠᠭᠠᠲᠦ ᠪᠤᠰᠤ ᠮᠦᠨ᠃ ᠤᠯᠤᠰ ᠲᠦᠷᠦ ᠶᠢᠨ ᠮᠠᠭᠠᠳᠯᠠᠬᠤ ᠴᠢᠳᠠᠪᠤᠷᠢ ᠪᠠᠨ ᠴᠢᠩᠭᠠᠳᠬᠠᠬᠤ ᠳᠤ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠴᠢᠬᠤᠯᠠᠴᠢᠯᠠᠨ᠂ ᠠᠷᠠᠳ ᠲᠦᠮᠠᠠ ᠢ ᠴᠢᠬᠤᠯᠠᠴᠢᠯᠠᠵᠤ᠂ ᠲᠤᠮᠲᠠᠲᠤ ᠤᠯᠤᠰ ᠤᠨ ᠤᠠᠴᠠᠯᠢᠭ ᠲᠠᠢ ᠨᠡᠶᠢᠭᠡᠮ ᠵᠢᠷᠤᠮ ᠢ ᠪᠠᠷᠢᠮᠲᠠᠯᠠᠠ ᠬᠦᠭᠵᠢᠭᠦᠯᠬᠦ ᠪᠠᠷ ᠦᠨᠲᠦᠰᠦ ᠪᠤᠯᠭᠠᠨ᠂ ᠪᠠᠶᠢᠲᠠᠯ ᠤᠨ ᠬᠤᠪᠢᠷᠠᠯᠲᠠ ᠶᠢ ᠰᠢᠨᠵᠢᠯᠡᠬᠦ ᠤᠠᠬᠭᠠᠠᠴᠢ ᠪᠠᠷ ᠡᠵᠡᠮᠲᠡᠬᠦ᠂ ᠦᠵᠡᠭᠲᠡᠯ ᠤᠨ ᠮᠦᠨ ᠴᠢᠨᠠᠷ ᠢ ᠤᠨᠤᠴᠠᠳᠠᠢ ᠢᠯᠭᠠᠠ ᠲᠠᠨᠢᠬᠤ᠂ ᠦᠢᠯᠡ ᠠᠵᠢᠯᠯᠠᠭ᠎ᠠ ᠶᠢᠨ ᠵᠦᠪ ᠪᠤᠷᠤᠭᠤ ᠶᠢ ᠰᠡᠷᠭᠡᠭ ᠢᠶᠠᠷ ᠢᠯᠭᠠᠨ ᠲᠤᠳᠤᠯᠠᠬᠤ᠂ ᠠᠶᠤᠯ ᠲᠦᠭᠰᠢᠬᠦᠷᠢ ᠦᠷᠢᠰᠦᠯᠲᠦᠭᠡᠡ ᠢ ᠪᠦᠲᠦᠮᠵᠢᠲᠠᠢ ᠡᠰᠡᠷᠭᠦᠴᠡᠬᠦ ᠴᠢᠲᠠᠪᠤᠷᠢ ᠪᠠᠨ ᠴᠢᠩᠭᠠᠳᠬᠠᠬᠤ ᠭᠡᠷᠡᠭᠲᠡᠢ᠃ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠨᠦᠬᠦᠳ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠬᠤᠯᠪᠤᠭᠲᠠᠬᠤ ᠦᠨᠲᠦᠰᠦᠨ ᠴᠢᠨᠠᠷᠲᠠᠢ᠂ ᠪᠦᠬᠦ ᠲᠠᠯ᠎ᠠ ᠶᠢᠨ ᠴᠢᠨᠠᠷᠲᠠᠢ᠂ ᠠᠯᠤᠰ ᠭᠡᠲᠦ ᠶᠢᠨ ᠴᠢᠨᠠᠷᠲᠠᠢ ᠠᠰᠠᠭᠤᠲᠠᠯ ᠢ ᠰᠡᠳᠭᠢᠨ ᠪᠤᠳᠤᠯᠬᠢᠯᠠᠬᠤ ᠳᠠᠭᠠᠨ ᠴᠢᠲᠠᠮᠠᠭᠠᠢ ᠪᠠᠶᠢᠵᠦ᠂ ᠪᠠᠶᠢᠯᠲᠤᠬᠤ ᠪᠤᠲᠤᠯᠭ᠎ᠠ ᠶᠢᠨ ᠴᠢᠨᠠᠷᠳᠠᠢ᠂ ᠰᠢᠰᠲ᠋ᠧᠮᠲᠦ ᠴᠢᠨᠠᠷᠳᠠᠢ᠂ ᠤᠷᠢᠳᠠᠴᠢ ᠴᠢᠨᠠᠷᠳᠠᠢ ᠪᠠᠷ ᠰᠤᠳᠤᠯᠵᠤ ᠲᠦᠯᠦᠪᠵᠢᠭᠦᠯᠬᠦ ᠪᠠᠨ ᠴᠢᠩᠭᠠᠳᠬᠠᠵᠦ᠂ ᠴᠢᠬᠤᠯᠠ ᠶᠡᠭᠡ ᠠᠰᠠᠭᠤᠲᠠᠯ ᠪᠠ ᠵᠠᠩᠭᠢᠯᠠᠭ᠎ᠠ ᠶᠢᠨ ᠭᠤᠭᠴᠤᠭ᠎ᠠ ᠳᠡᠭᠡᠷ᠎ᠠ ᠲᠠᠷᠢᠬᠢ ᠲᠤᠯᠤᠭᠠᠢ ᠪᠠᠨ ᠤᠨᠴᠠᠭᠠᠢ ᠰᠡᠷᠭᠡᠭ ᠪᠠᠶᠢᠯᠭᠠᠨ᠂ ᠬᠠᠷᠠᠴᠠ ᠪᠠᠨ ᠤᠨᠴᠠᠭᠠᠢ ᠬᠢᠷᠠᠬᠠᠢ ᠪᠠᠶᠢᠯᠭᠠᠵᠤ᠂ ᠡᠩ ᠤᠨ ᠶᠠᠪᠤᠳᠠᠯ ᠠᠴᠠ ᠤᠯᠤᠰ ᠲᠦᠷᠦ ᠶᠢᠨ ᠠᠰᠠᠭᠤᠲᠠᠯ ᠢ ᠢᠯᠡᠷᠡᠭᠦᠯᠬᠦ ᠳᠡᠭᠡᠨ ᠴᠢᠲᠠᠮᠠᠭᠠᠢ ᠪᠠᠶᠢᠵᠦ᠂ ᠬᠠᠨᠲᠤᠯᠭᠠᠲᠦ ᠴᠢᠨᠠᠷᠳᠠᠢ᠂ ᠴᠤᠬᠤᠢᠢᠬᠤ ᠴᠢᠨᠠᠷᠲᠠᠢ ᠠᠰᠠᠭᠤᠲᠠᠯ ᠠᠴᠠ ᠤᠯᠤᠰ ᠲᠦᠷᠦ ᠶᠢᠨ ᠬᠠᠨᠳᠤᠰᠢ ᠶᠢ ᠢᠯᠡᠷᠡᠭᠦᠯᠬᠦ ᠳᠡᠭᠡᠨ ᠴᠢᠲᠠᠮᠠᠭᠠᠢ ᠪᠠᠶᠢᠵᠦ᠂ ᠨᠠᠷᠢᠨ ᠪᠤᠲᠤᠯᠢᠶᠠᠠᠲᠠᠢ ᠵᠦᠷᠢᠴᠡᠯᠳᠦ ᠬᠠᠷᠢᠴᠠᠭ᠎ᠠ ᠠᠴᠠ ᠤᠯᠤᠰ ᠲᠦᠷᠦ ᠶᠢᠨ ᠯᠤᠬᠢᠭ ᠢ ᠡᠵᠡᠮᠲᠡᠬᠦ ᠳᠡᠭᠡᠨ ᠴᠢᠲᠠᠮᠠᠭᠠᠢ ᠪᠠᠶᠢᠵᠦ᠂ ᠤᠯᠤᠰ ᠲᠦᠷᠦ ᠶᠢᠨ ᠵᠤᠭᠰᠤᠯᠲᠠ ᠭᠤᠶᠢᠪᠢᠬᠤ ᠦᠭᠡᠢ᠂ ᠤᠯᠤᠰ ᠲᠦᠷᠦ ᠶᠢᠨ ᠴᠢᠭᠯᠡᠯ ᠬᠠᠵᠠᠶᠢᠬᠤ ᠦᠭᠡᠢ ᠪᠠᠶᠢᠬᠤ ᠶᠢ ᠪᠠᠷᠢᠮᠳᠠᠯᠠᠬᠤ ᠭᠡᠷᠡᠭᠲᠡᠢ ᠭᠡᠵᠦ ᠴᠢᠬᠤᠯᠠᠴᠢᠯᠠᠪᠠ᠃

           ᠰᠢ ᠶᠢᠨ ᠫᠢᠩ᠂ ᠤᠯᠤᠰ ᠲᠦᠷᠦ ᠶᠢ ᠡᠷᠬᠢᠮᠯᠡᠬᠦ ᠳᠤ ᠡᠷᠭᠡᠪᠰᠢ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠪᠠᠨ ᠲᠡᠭᠡᠭᠰᠢᠯᠡᠭᠦᠯᠬᠦ ᠬᠡᠷᠡᠭᠲᠡᠢ᠃ ᠤᠲᠤᠷᠢᠳᠬᠤ ᠺᠠᠳ᠋ᠷᠴᠤᠳ᠂ ᠢᠯᠠᠩᠭᠤᠶ᠎ᠠ ᠲᠡᠭᠡᠲᠦ ᠳᠡᠰ ᠤᠨ ᠤᠲᠤᠷᠢᠳᠬᠤ ᠺᠠᠳ᠋ᠷᠴᠤᠳ ᠤᠯᠤᠰ ᠲᠦᠷᠦ ᠶᠢᠨ ᠬᠠᠷᠢᠭᠤᠴᠠᠯᠭ᠎ᠠ ᠶᠢ ᠡᠬᠦᠷᠭᠡᠯᠡᠵᠦ ᠪᠠᠶᠢᠬᠤ ᠪᠤᠯᠬᠤᠷ ᠡᠷᠭᠡᠪᠰᠢ ᠨᠠᠮ ᠤᠨ ᠲᠦᠪ ᠬᠤᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠭᠤᠰᠢᠳᠠᠢ ᠤᠢᠢᠯᠠᠭᠠᠵᠤ᠂ ᠨᠠᠮ ᠤᠨ ᠲᠦᠪ ᠬᠤᠷᠢᠶᠠᠠ ᠤ ᠵᠤᠷᠢᠭ ᠰᠠᠨᠠᠭ᠎ᠠ ᠪᠠᠷ ᠪᠠᠶᠢᠲᠠᠯ ᠢ ᠵᠠᠲᠠᠯᠤᠨ ᠠᠵᠢᠯ ᠢᠶᠠᠨ ᠠᠬᠢᠭᠤᠯᠬᠤ ᠶᠢ ᠪᠠᠷᠢᠮᠳᠠᠯᠠᠵᠤ᠂ ᠢᠮᠠᠭᠲᠠ ᠨᠠᠮ ᠤᠨ ᠲᠦᠪ ᠬᠤᠷᠢᠶ᠎ᠠ ᠲᠠᠢ ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠬᠤ ᠶᠢ ᠪᠠᠳᠤᠯᠠᠬᠤ ᠭᠡᠷᠡᠭᠲᠡᠢ᠃ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠪᠤᠯ ᠨᠠᠮ ᠤᠨ ᠲᠦᠪ ᠬᠤᠷᠢᠶᠠᠠ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠴᠢᠬᠤᠯᠠ ᠵᠤᠬᠢᠶᠠᠠ ᠪᠠᠶᠢᠭᠤᠯᠤᠭᠴᠢ ᠪᠠ ᠠᠬᠢᠭᠤᠯᠤᠭᠴᠢ ᠮᠦᠨ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠤᠯᠤᠰ ᠤᠨ ᠶᠡᠭᠡ ᠶᠠᠪᠤᠲᠠᠯ᠎ ᠳᠤ ᠲᠤᠲᠤᠷ᠎ᠠ ᠪᠠᠨ ᠲᠤᠭ᠎ᠠ ᠲᠠᠢ ᠪᠠᠶᠢᠵᠦ᠂ ᠦᠪᠡᠷ ᠤᠨ ᠡᠬᠦᠷᠭᠡ ᠬᠠᠷᠢᠭᠤᠴᠠᠯᠭ᠎ᠠ ᠪᠠᠶᠢᠷᠢ ᠲᠤᠭᠲᠠᠭᠠᠯᠲᠠ ᠪᠠᠨ ᠲᠤᠳᠤᠷᠬᠠᠢ ᠮᠡᠳᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃

           ᠰᠢ ᠶᠢᠨ ᠫᠢᠩ᠂ ᠤᠯᠤᠰ ᠲᠦᠷᠦ ᠶᠢ ᠡᠷᠬᠢᠮᠯᠡᠬᠦ ᠳᠤ ᠡᠷᠭᠡᠪᠰᠢ ᠤᠯᠤᠰ ᠲᠦᠷᠦ ᠶᠢᠨ ᠭᠦᠢᠴᠡᠳᠭᠡᠬᠦ ᠴᠢᠳᠠᠪᠤᠷᠢ ᠪᠠᠨ ᠲᠡᠭᠡᠭᠰᠢᠯᠡᠭᠦᠯᠬᠦ ᠬᠡᠷᠡᠭᠲᠡᠢ᠃ ᠤᠲᠤᠷᠢᠳᠬᠤ ᠺᠠᠳ᠋ᠷᠴᠤᠳ᠂ ᠢᠯᠠᠩᠭᠤᠶ᠎ᠠ ᠲᠡᠭᠡᠲᠦ ᠳᠡᠰ ᠤᠨ ᠺᠠᠳ᠋ᠷᠴᠤᠳ ᠦᠷᠬᠦᠯᠵᠢ ᠨᠠᠮ ᠤᠨ ᠲᠦᠪ ᠬᠤᠷᠢᠶᠠᠠ ᠤ ᠵᠤᠷᠢᠭ ᠰᠠᠨᠠᠭ᠎ᠠ ᠪᠠᠷ ᠬᠠᠷᠭᠤᠭᠤᠯᠤᠨ ᠪᠠᠷᠢᠮᠵᠢᠶᠠᠯᠠᠵᠦ᠂ ᠨᠠᠮ ᠤᠨ ᠲᠦᠪ ᠬᠤᠷᠢᠶᠠᠠ ᠤ ᠰᠠᠨᠠᠭᠠᠴᠢᠯᠠᠭ᠎ᠠ ᠶᠢ ᠡᠷᠡᠰ ᠴᠤᠤᠷᠢᠶᠠᠲᠤᠨ ᠳᠠᠭᠠᠬᠤ᠂ ᠨᠠᠮ ᠤᠨ ᠲᠦᠪ ᠬᠤᠷᠢᠶᠠᠠ ᠤ ᠲᠤᠭᠲᠠᠭᠠᠯ ᠢ ᠡᠷᠡᠰ ᠭᠦᠢᠴᠡᠳᠭᠡᠬᠦ᠂ ᠨᠠᠮ ᠤᠨ ᠲᠦᠪ ᠬᠤᠷᠢᠶᠠᠨ ᠠᠴᠠ ᠴᠠᠭᠠᠵᠠᠯᠠᠵᠦ ᠪᠦᠬᠦᠢ ᠤᠴᠢᠷ ᠶᠠᠪᠤᠲᠠᠯ ᠢ ᠤᠭᠲᠤ ᠬᠢᠬᠦ ᠦᠭᠡᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠨᠠᠮ ᠤᠨ ᠲᠦᠪ ᠬᠤᠷᠢᠶᠠᠠ ᠤ ᠡᠷᠭᠡ ᠰᠦᠷ ᠪᠠ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠡᠷᠡᠰ ᠬᠠᠮᠠᠭᠠᠯᠠᠨ᠂ ᠡᠩᠨᠡᠭᠡ ᠠᠴᠠ ᠪᠠᠨ ᠬᠤᠴᠤᠷᠬᠤ ᠦᠭᠡᠢ᠂ ᠪᠤᠷᠤᠭᠤ ᠲᠡᠶᠢᠰᠢ ᠶᠠᠪᠤᠬᠤ ᠦᠭᠡᠢ ᠪᠠᠶᠢᠵᠦ᠂ ᠨᠠᠮ ᠤᠨ ᠲᠦᠪ ᠬᠤᠷᠢᠶᠠᠠ ᠤ ᠵᠤᠷᠢᠭ ᠰᠠᠨᠠᠭ᠎ᠠ ᠶᠢ ᠲᠡᠷᠡ ᠶᠤᠰᠤᠭᠠᠷ ᠨᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢ ᠰᠠᠶᠢᠳᠦᠷ ᠠᠳᠬᠤᠬᠤ ᠭᠡᠷᠡᠭᠲᠡᠢ᠃ ᠬᠤᠷᠢᠭ᠎ᠠ ᠱᠤᠭᠤᠮ ᠤᠨ ᠰᠡᠳᠭᠢᠬᠦᠢ ᠶᠢ ᠪᠠᠷᠢᠮᠲᠠᠯᠠᠬᠤ᠂ ᠠᠰᠠᠭᠤᠲᠠᠯ ᠢᠶᠠᠷ ᠤᠲᠤᠷᠢᠲᠤᠮᠵᠢ ᠪᠤᠯᠭᠠᠬᠤ ᠶᠢ ᠪᠠᠷᠢᠮᠳᠠᠯᠠᠬᠤ ᠶᠢ ᠪᠦᠬᠦ ᠠᠵᠢᠯ ᠳᠠᠭᠠᠨ ᠲᠤᠭᠤᠰᠢᠯᠠᠭᠤᠯᠵᠦ᠂ ᠪᠠᠭ᠎ᠠ ᠶᠠᠪᠤᠳᠠᠯ ᠠᠴᠠ ᠶᠡᠭᠡ ᠶᠢ ᠰᠡᠷᠡᠵᠦ ᠮᠡᠳᠡᠨ᠂ ᠤᠴᠢᠷ ᠭᠠᠷᠬᠤ ᠠᠴᠠ ᠤᠷᠢᠳ ᠵᠠᠮ ᠢᠶᠠᠨ ᠵᠠᠰᠠᠬᠤ ᠬᠡᠷᠡᠭᠲᠡᠢ᠃ ᠬᠠᠷᠢᠭᠤᠴᠠᠯᠭᠠᠳᠦ ᠤᠬᠠᠮᠰᠠᠷ ᠢᠶᠠᠨ ᠴᠢᠩᠭᠠᠳᠬᠠᠵᠦ᠂ ᠬᠠᠷᠢᠭᠤᠴᠠᠯᠭ᠎ᠠ ᠪᠠᠨ ᠮᠡᠳᠡᠵᠦ᠂ ᠬᠠᠷᠢᠭᠤᠴᠠᠯᠭ᠎ᠠ ᠪᠠᠨ ᠡᠬᠦᠷᠭᠡᠯᠡᠨ᠂ ᠬᠠᠷᠢᠭᠤᠴᠠᠯᠭ᠎ᠠ ᠪᠠᠨ ᠭᠦᠢᠴᠡᠳᠭᠡᠵᠦ᠂ ᠵᠤᠷᠢᠠᠠᠲᠠᠢ ᠪᠠᠷ ᠠᠰᠠᠭᠤᠲᠠᠯ ᠳᠤ ᠰᠢᠭᠤᠳ ᠬᠠᠨᠲᠤᠨ᠂ ᠵᠦᠷᠢᠴᠡᠯ ᠠᠴᠠ ᠵᠠᠶᠢᠯᠠᠰᠬᠢᠬᠦ ᠦᠭᠡᠢ᠂ ᠠᠰᠠᠭᠤᠲᠠᠯ ᠢ ᠨᠢᠭᠤᠬᠤ ᠦᠭᠡᠢ ᠪᠠᠶᠢᠵᠤ᠂ ᠠᠰᠠᠭᠤᠲᠠᠯ ᠭᠠᠷᠪᠠᠯ ᠵᠤᠷᠢᠠᠠᠲᠠᠢ ᠪᠠᠷ ᠬᠠᠷᠢᠭᠤᠴᠠᠯᠭ᠎ᠠ ᠡᠬᠦᠷᠭᠡᠯᠡᠬᠦ ᠭᠡᠷᠡᠭᠲᠡᠢ ᠭᠡᠵᠦ ᠴᠢᠬᠤᠯᠠᠴᠢᠯᠠᠪᠠ᠃

           ᠰᠢ ᠶᠢᠨ ᠫᠢᠩ᠂ ᠤᠯᠤᠰ ᠲᠦᠷᠦ ᠶᠢ ᠡᠷᠬᠢᠮᠯᠡᠬᠦ ᠳᠤ ᠡᠷᠭᠡᠪᠰᠢ ᠪᠡᠶ᠎ᠠ ᠪᠠᠨ ᠴᠢᠩᠭ᠎ᠠ ᠱᠠᠭᠠᠷᠲᠠᠬᠤ ᠭᠡᠷᠡᠭᠲᠡᠢ᠃ ᠨᠠᠮ ᠤᠨ ᠲᠦᠪ ᠬᠤᠷᠢᠶᠠᠠ ᠤ ᠤᠯᠤᠰ ᠲᠦᠷᠦ ᠶᠢᠨ ᠲᠤᠪᠴᠢᠶᠠᠠ ᠤ ᠨᠦᠬᠦᠳ ᠡᠷᠭᠡᠪᠰᠢ ᠪᠡᠶ᠎ᠠ ᠪᠠᠨ ᠵᠠᠰᠠᠵᠦ ᠪᠡᠶ᠎ᠠ ᠪᠠᠨ ᠱᠠᠭᠠᠷᠳᠠᠵᠤ᠂ ᠠᠵᠢᠯ ᠶᠠᠪᠤᠳᠠᠯ ᠢᠶᠠᠨ ᠢᠮᠠᠭᠳᠠ ᠬᠢᠴᠢᠶᠡᠩᠭᠦ᠋ᠢᠯᠡᠨ ᠭᠦᠢᠴᠡᠳᠭᠡᠵᠦ᠂ ᠴᠠᠭ ᠢᠮᠠᠭᠲᠠ ᠪᠡᠶ᠎ᠠ ᠪᠠᠨ ᠬᠢᠴᠢᠶᠡᠵᠦ ᠪᠡᠶ᠎ᠠ ᠪᠠᠨ ᠬᠢᠨᠠᠵᠤ ᠪᠡᠶ᠎ᠠ ᠪᠠᠨ ᠰᠡᠷᠡᠮᠵᠢᠯᠡᠭᠦᠯᠵᠦ ᠪᠡᠶ᠎ᠠ ᠪᠠᠨ ᠵᠤᠷᠢᠠᠠᠵᠢᠭᠤᠯᠤᠨ᠂ ᠭᠠᠭᠴᠠᠭᠠᠷ ᠪᠠᠶᠢᠬᠤ ᠳᠠᠭᠠᠨ ᠪᠡᠶ᠎ᠠ ᠪᠠᠨ ᠬᠡᠷᠰᠡᠦᠯᠡᠵᠦ᠂ ᠤᠴᠢᠷ ᠶᠠᠪᠤᠲᠠᠯ ᠢ ᠴᠤᠬᠤᠢᠢᠬᠤ ᠦᠶ᠎ᠡ ᠳᠤᠨᠢ ᠬᠡᠷᠰᠡᠦᠯᠡᠨ ᠪᠠᠭ᠎ᠠ ᠪᠠᠶᠢᠬᠤ ᠳᠤᠨᠢ ᠬᠡᠷᠰᠡᠦᠯᠡᠵᠦ᠂ ᠨᠠᠶᠢᠵᠠ ᠨᠦᠬᠦᠳ ᠢ ᠬᠡᠷᠰᠡᠦᠯᠡᠵᠦ ᠰᠤᠩᠭᠤᠬᠤ ᠭᠡᠷᠡᠭᠲᠡᠢ᠃ ᠠᠮᠢ ᠨᠠᠰᠤ ᠪᠠᠨ ᠨᠠᠠᠲᠢᠩᠨᠡᠬᠤ ᠮᠡᠲᠦ ᠪᠠᠷ ᠴᠢᠭᠡᠴᠢ ᠵᠢᠷᠦᠮ ᠢ ᠨᠠᠠᠲᠢᠩᠨᠠᠵᠦ᠂ ᠥ ᠰᠡᠪ ᠦᠭᠡᠢ ᠴᠡᠪᠡᠷᠬᠡᠨ ᠬᠦᠮᠦᠨ ᠪᠤᠯᠬᠤ ᠭᠡᠷᠡᠭᠲᠡᠢ᠃ ᠲᠦᠷᠦᠭᠦᠯᠡᠨ ᠠᠷᠢᠭᠤᠨ ᠴᠢᠭᠡᠴᠢ ᠪᠠᠷ ᠭᠡᠷ ᠪᠦᠯᠢ ᠪᠠᠨ ᠵᠠᠰᠠᠵᠤ᠂ ᠲᠦᠷᠦᠭᠦᠯᠡᠨ ᠤᠨᠴᠠ ᠡᠷᠭᠡ ᠶᠢ ᠡᠰᠡᠷᠭᠦᠴᠡᠬᠦ ᠭᠡᠷᠡᠭᠲᠡᠢ ᠭᠡᠵᠦ ᠵᠢᠭᠠᠵᠦ ᠭᠠᠷᠭᠠᠪᠠ᠃

           ᠰᠢ ᠶᠢᠨ ᠫᠢᠩ᠂ ᠢᠷᠡᠬᠦ ᠵᠢᠯ ᠠᠴᠠ ᠮᠤᠵᠢ ᠬᠤᠲᠠ ᠰᠢᠶᠠᠠ ᠰᠢᠶᠠᠩ ᠤᠨ ᠤᠲᠤᠷᠢᠳᠬᠤ ᠪᠠᠭ ᠵᠠᠯᠭᠠᠭ᠎ᠠ ᠪᠠᠷ ᠲᠦᠪᠯᠡᠷᠡᠭᠦᠯᠦᠨ ᠬᠤᠭᠤᠴᠠᠭ᠎ᠠ ᠰᠤᠯᠢᠭᠳᠠᠬᠤ ᠪᠤᠯᠤᠨ᠎ᠠ᠃ ᠡᠯ᠎ᠠ ᠱᠠᠲᠤᠨ ᠤ ᠨᠠᠮ ᠤᠨ ᠬᠤᠷᠢᠶ᠎ᠠ ᠬᠤᠭᠤᠴᠠᠭ᠎ᠠ ᠰᠤᠯᠢᠬᠤ ᠠᠵᠢᠯ ᠢ ᠰᠠᠶᠢᠲᠤᠷ ᠲᠦᠯᠦᠪᠵᠢᠭᠦᠯᠵᠦ᠂ ᠰᠠᠶᠢᠲᠤᠷ ᠵᠤᠬᠢᠶᠠᠠ ᠪᠠᠶᠢᠭᠤᠯᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠤᠲᠠᠲᠠᠶᠢᠵᠢᠭᠤᠯᠵᠤ᠂ ᠰᠤᠷᠲᠠᠯ ᠴᠢᠭᠡᠴᠢ ᠤᠪᠤᠷ ᠲᠦᠪ ᠪᠠᠶᠢᠬᠤ ᠶᠢ ᠪᠠᠲᠤᠯᠠᠬᠤ ᠭᠡᠷᠡᠭᠲᠡᠢ᠃ ᠤᠲᠤᠷᠢᠳᠬᠤ ᠺᠠᠳ᠋ᠷᠴᠤᠳ᠂ ᠢᠯᠠᠩᠭᠤᠶ᠎ᠠ ᠲᠡᠭᠡᠲᠦ ᠳᠡᠰ ᠤᠨ ᠺᠠᠳ᠋ᠷᠴᠤᠳ ᠪᠡᠶ᠎ᠠ ᠪᠠᠷ ᠢᠶᠠᠨ ᠬᠡᠪ ᠳᠠᠭᠤᠷᠢᠶᠠᠯ ᠦᠵᠡᠭᠦᠯᠵᠦ᠂ ᠲᠦᠷᠦᠭᠦᠯᠡᠨ ᠬᠤᠭᠤᠴᠠᠭ᠎ᠠ ᠰᠤᠯᠢᠬᠤ ᠰᠠᠬᠢᠯᠭ᠎ᠠ ᠪᠠᠲᠤ ᠶᠢ ᠰᠠᠬᠢᠬᠤ ᠭᠡᠷᠡᠭᠲᠡᠢ᠃ ᠦᠷᠭᠡᠡ ᠤᠯᠠᠠ ᠨᠠᠮ ᠤᠨ ᠭᠡᠰᠢᠭᠦᠨ ᠪᠤᠯᠤᠨ ᠺᠠᠳ᠋ᠷ ᠢ ᠬᠦᠮᠦᠵᠢᠭᠦᠯᠤᠨ ᠵᠢᠯᠤᠭᠤᠳᠴᠤ ᠪᠠᠶᠢᠭᠠᠳ ᠤᠯᠤᠰ ᠲᠦᠷᠦ ᠶᠢᠨ ᠰᠠᠬᠢᠯᠭ᠎ᠠ ᠪᠠᠲᠤ ᠪᠤᠯᠤᠨ ᠤᠯᠤᠰ ᠲᠦᠷᠦ ᠶᠢᠨ ᠶᠤᠰᠤ ᠳᠦᠷᠢᠮ ᠢ ᠴᠢᠩᠭ᠎ᠠ ᠰᠠᠬᠢᠬᠤ ᠭᠡᠷᠡᠭᠲᠡᠢ᠃ ᠤᠲᠤᠷᠢᠳᠬᠤ ᠺᠠᠳ᠋ᠷ ᠤᠨ ᠦᠵᠡᠯ ᠰᠠᠨᠠᠭᠠᠨ ᠤ ᠬᠦᠮᠦᠵᠢᠯ ᠢ ᠬᠦᠨᠵᠡᠭᠡᠢ ᠨᠠᠷᠢᠯᠢᠭ ᠬᠢᠵᠦ᠂ ᠤᠲᠤᠷᠢᠳᠬᠤ ᠺᠠᠳ᠋ᠷ ᠢ ᠬᠦᠮᠦᠵᠢᠭᠦᠯᠤᠨ ᠵᠢᠯᠤᠭᠤᠳᠴᠤ ᠪᠠᠶᠢᠭᠠᠳ ᠬᠤᠪᠢ ᠬᠦᠮᠦᠨ ᠪᠤᠯᠤᠨ ᠵᠤᠬᠢᠶᠠᠠ ᠪᠠᠶᠢᠭᠤᠯᠤᠯᠲᠠ ᠶᠢᠨ ᠬᠠᠷᠢᠴᠠᠭ᠎ᠠ ᠶᠢ ᠵᠦᠪ ᠰᠢᠢᠳᠪᠦᠷᠢᠯᠡᠨ᠂ ᠤᠬᠠᠮᠰᠠᠷ ᠠᠴᠠ ᠪᠠᠨ ᠵᠤᠬᠢᠶᠠᠠ ᠪᠠᠶᠢᠭᠤᠯᠤᠯᠲᠠ ᠶᠢᠨ ᠲᠤᠬᠢᠷᠠᠭᠤᠯᠤᠯᠲᠠ ᠶᠢ ᠬᠦᠯᠢᠶᠠᠠ ᠠᠪᠬᠤ ᠪᠠ ᠲᠠᠭᠠᠬᠤ ᠪᠤᠯᠭᠠᠬᠤ ᠭᠡᠷᠡᠭᠲᠡᠢ ᠭᠡᠵᠦ ᠴᠢᠬᠤᠯᠠᠴᠢᠯᠠᠪᠠ᠃

           ᠰᠢ ᠶᠢᠨ ᠫᠢᠩ᠂ ᠡᠨᠡ ᠤᠲᠠᠭ᠎ᠠ ᠶᠢᠨ ᠠᠷᠠᠳᠴᠢᠯᠠᠯ ᠤᠨ ᠠᠮᠢᠲᠤᠷᠠᠯ ᠤᠨ ᠬᠤᠷᠠᠯ ᠲᠡᠭᠡᠷ᠎ᠠ ᠨᠠᠮ ᠤᠨ ᠲᠦᠪ ᠬᠤᠷᠢᠶᠠᠨ ᠤ ᠤᠯᠤᠰ ᠲᠦᠷᠦ ᠶᠢᠨ ᠲᠤᠪᠴᠢᠶᠠᠠ ᠤ ᠨᠦᠬᠦᠳ ᠠᠵᠢᠯ ᠢᠶᠠᠨ ᠰᠠᠶᠢᠳᠦᠷ ᠬᠢᠬᠦ ᠲᠤᠬᠠᠢ ᠮᠠᠰᠢ ᠤᠯᠠᠠ ᠮᠠᠰᠢ ᠰᠠᠶᠢᠨ ᠰᠠᠨᠠᠯ ᠰᠠᠨᠠᠭᠤᠯᠭ᠎ᠠ ᠲᠤᠷᠠᠳᠴᠠᠢ᠂ ᠵᠠᠷᠢᠮ ᠨᠢ ᠲᠦᠪ ᠤᠨ ᠠᠵᠢᠯ ᠳᠤ ᠬᠤᠯᠪᠤᠭᠲᠠᠨ᠂ ᠵᠠᠷᠢᠮ ᠨᠢ ᠰᠠᠯᠠᠭ᠎ᠠ ᠮᠦᠴᠢᠷ ᠤᠨ ᠠᠵᠢᠯ ᠳᠤ ᠬᠤᠯᠪᠤᠭᠲᠠᠵᠦ᠂ ᠵᠠᠷᠢᠮ ᠨᠢ ᠤᠷᠤᠨ ᠨᠤᠲᠤᠭ ᠤᠨ ᠠᠵᠢᠯ ᠳᠤ ᠬᠤᠯᠪᠤᠭᠲᠠᠪᠠ᠂ ᠬᠤᠷᠠᠯ ᠤᠨ ᠲᠠᠷᠠᠭ᠎ᠠ ᠱᠠᠯᠠᠪᠲᠠᠠ ᠰᠤᠲᠤᠯᠵᠦ ᠠᠷᠭ᠎ᠠ ᠬᠡᠮᠵᠢᠶ᠎ᠠ ᠭᠠᠷᠭᠠᠨ ᠠᠵᠢᠯ ᠢᠶᠠᠨ ᠰᠠᠶᠢᠵᠢᠷᠠᠭᠤᠯᠵᠤ᠂ ᠪᠤᠲᠠᠲᠠᠢ ᠶᠢ ᠡᠷᠬᠢᠮᠯᠡᠭᠰᠡᠨ ᠦᠷ᠎ᠠ ᠪᠦᠲᠦᠮᠵᠢ ᠤᠯᠬᠤ ᠪᠠᠷ ᠴᠢᠷᠮᠠᠶᠢᠬᠤ ᠭᠡᠷᠡᠭᠲᠡᠢ ᠭᠡᠵᠦ ᠵᠢᠭᠠᠵᠦ ᠭᠠᠷᠭᠠᠪᠠ᠃

                    
  •  
    
           
  • 
    
    
    
    
    
     
公安网备15292102000084号  蒙ICP备16001172-1号  Copyright © www.alsmgy.com All Right Reserved.  联系人:额尓登呼  联系电话:0483-3992081